ᠭᠦᠸᠧ ᠢᠦᠶ ᠹᠧᠩ ︽ᠳᠥᠷᠪᠡ ᠦᠭᠡᠢ ᠬᠤᠶᠠᠷ ᠰᠢᠭᠤᠳ︾ ᠬᠡᠯᠪᠡᠷᠢ ᠪᠠᠷ ᠬᠤᠲᠠ ᠪᠠᠯᠭᠠᠰᠤᠨ ᠤ ᠢᠯᠴᠢ ᠬᠠᠩᠭᠠᠬᠤ ︽ᠲᠤᠯᠠᠭᠠᠯᠭ᠎ᠠ ᠶᠢᠨ ᠢᠨᠵᠧᠨᠧᠷᠢᠩ︾ ᠢ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/8/28
    ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠦᠸᠧ ᠢᠦᠶ ᠹᠧᠩ ︽ ᠳᠥᠷᠪᠡ ᠥᠬᠡᠶ ᠬᠤᠶᠠᠷ ᠰᠢᠭᠤᠳ︾ ᠬᠡᠯᠪᠡᠷᠢ ᠪᠠᠷ ᠬᠥᠬᠡᠬᠤᠲᠠ ᠶᠢᠨ ᠡᠷᠬᠢᠨ ᠲᠣᠭᠤᠷᠢᠨ ᠤ ᠬᠤᠰᠢᠭᠤ ᠰᠢᠶᠠᠨ ᠤ ᠢᠯᠴᠢ ᠬᠠᠩᠭᠠᠬᠤ ᠨᠢᠭᠡᠳᠦᠭᠡᠷ᠂ ᠬᠤᠶᠠᠳᠤᠭᠠᠷ ᠬᠤᠭᠤᠯᠠᠢ ᠲᠤᠤᠷ᠂ ᠢᠯᠴᠢ ᠰᠣᠯᠢᠯᠴᠠᠬᠤ ᠥᠷᠲᠡᠭᠡ ᠶᠢ ᠥᠭᠡᠷᠡᠴᠢᠯᠡᠨ ᠪᠠᠶᠢᠭᠤᠯᠬᠤ ᠲᠤᠬᠠᠶ ᠶᠢᠨ ᠲᠠᠯᠠᠪᠠᠶ ᠵᠢᠴᠢ ᠰᠠᠭᠤᠭᠠᠯᠢ ᠠᠷᠠᠳ ᠤᠨ ᠲᠣᠭᠤᠷᠢᠭ ᠲᠤ ᠭᠦᠨᠵᠡᠭᠡᠶᠢᠷᠡᠵᠦ᠂ ︽ᠲᠤᠯᠠᠭᠠᠯᠭ᠎ᠠ ᠶᠢᠨ ᠢᠨᠵᠧᠨᠧᠷᠢᠩ︾ ᠢ ᠬᠡᠷᠡᠭᠵᠢᠭᠦᠯᠦᠭᠰᠡᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠵᠤ᠂ ᠬᠠᠮᠢᠶ᠎ᠠ ᠪᠥᠬᠦᠶ ᠬᠠᠷᠢᠭᠤᠴᠠᠯᠭᠠᠲᠠᠨ ᠲᠠᠢ ᠰᠠᠨᠠᠯ ᠢᠶᠠᠨ ᠰᠣᠯᠢᠯᠴᠠᠵᠤ᠂ ᠰᠠᠨᠠᠯ ᠰᠠᠨᠠᠭᠤᠯᠭ᠎ᠠ ᠶᠢ ᠰᠣᠨᠣᠰᠬᠤ ᠶᠢᠨ ᠬᠠᠮᠲᠤ ︽ᠲᠤᠯᠠᠭᠠᠯᠭ᠎ᠠ ᠶᠢᠨ ᠢᠨᠵᠧᠨᠧᠷᠢᠩ︾ ᠢ ᠲᠦᠷᠭᠡᠳᠬᠡᠨ ᠬᠡᠷᠡᠭᠵᠢᠭᠦᠯᠬᠦ ᠲᠤᠬᠠᠶ ᠱᠠᠭᠠᠷᠳᠠᠯᠭ᠎ᠠ ᠳᠤᠷᠠᠳᠪᠠ᠃
W020240828344877130613.jpg
    ᠭᠦᠸᠧ ᠢᠦᠶ ᠹᠧᠩ᠂ 2024 - 2025 ᠳᠤᠯᠠᠭᠠᠯᠠᠭ᠎ᠠ ᠶᠢᠨ ᠬᠤᠭᠤᠴᠠᠭ᠎ᠠ ᠣᠶᠢᠷᠠᠳᠴᠤ᠂ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ ᠂ ᠳᠡᠭᠡᠳᠦ ᠳᠣᠤᠷᠠᠳᠤ ᠱᠠᠲᠤ ᠬᠤᠯᠪᠣᠭᠠᠯᠠᠨ ᠬᠥᠳᠡᠯᠦᠯᠴᠡᠵᠦ᠂ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠪᠠᠶᠢᠷᠢᠯᠠᠭᠤᠯᠵᠤ᠂ ᠵᠢᠷᠤᠭ ᠡᠯᠭᠦᠨ ᠠᠵᠢᠯᠯᠠᠵᠦ᠂ ᠠᠶᠢᠮᠠᠭ ᠬᠤᠲᠠ ᠶᠢᠨ ᠤᠳᠤᠷᠢᠳᠤᠯᠭ᠎ᠠ ᠠᠬᠢᠴᠠ ᠪᠠᠷ ᠤᠳᠠᠭᠠᠨ ᠪᠠᠶᠢᠭ᠎ᠠ ᠭᠠᠵᠠᠷ ᠣᠷᠣᠨ ᠤ ᠴᠡᠭ ᠲᠤ ᠰᠠᠭᠤᠵᠤ ᠳᠠᠭᠠᠭᠠᠴᠢᠯᠠᠨ ᠬᠤᠯᠪᠣᠭᠠᠯᠠᠬᠤ ᠵᠡᠷᠭᠡ ᠠᠷᠭ᠎ᠠ ᠮᠠᠶ᠋ᠢᠭ ᠢ ᠠᠪᠴᠤ᠂ ᠪᠠᠷᠢᠯᠭ᠎ᠠ ᠶᠢᠨ ᠠᠬᠢᠴᠠ ᠪᠠᠨ ᠲᠦᠷᠭᠡᠳᠬᠡᠨ᠂ ᠶᠠᠰᠤ ᠴᠢᠨᠠᠷ ᠢ ᠪᠠᠲᠤᠯᠠᠨ ᠲᠣᠭᠲᠠᠭᠰᠠᠨ ᠬᠤᠭᠤᠴᠠᠭᠠᠨ ᠳᠤ ᠠᠵᠢᠯ ᠳᠠᠭᠤᠰᠬᠠᠵᠤ᠂ ᠲᠣᠨᠤᠭ ᠲᠥᠬᠦᠭᠡᠷᠦᠮᠵᠢ ᠶᠢ ᠳᠣᠭᠢᠷᠠᠭᠤᠯᠤᠨ ᠲᠤᠷᠰᠢᠬᠤ ᠴᠠᠭ ᠢ ᠭᠦᠢᠴᠡᠳ ᠦᠯᠡᠳᠡᠭᠡᠬᠦ ᠬᠡᠷᠡᠭᠲᠡᠶ᠃ ᠡᠨᠧᠷᠭᠢ ᠨᠥᠭᠡᠴᠡᠯᠡᠬᠦ᠂ ᠪᠠᠴᠢᠮ ᠪᠠᠶᠢᠳᠠᠯ ᠢ ᠠᠷᠭᠠᠴᠠᠭᠠᠬᠤ ᠡᠩᠨᠡᠭᠡ ᠵᠢᠴᠢ ᠡᠳ᠋ ᠪᠣᠳᠠᠰ ᠲᠣᠬᠢᠷᠠᠭᠤᠯᠬᠤ᠂ ᠬᠤᠭᠤᠯᠠᠶ ᠲᠤᠤᠷ ᠲᠤ ᠤᠰᠤ ᠤᠷᠤᠭᠤᠯᠬᠤ ᠵᠡᠷᠭᠡ ᠢᠯᠴᠢ ᠬᠠᠩᠭᠠᠬᠤ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠰᠠᠶᠢᠲᠤᠷ ᠬᠢᠵᠦ᠂ ᠴᠠᠭ ᠲᠤᠬᠠᠶ ᠳᠤᠨᠢ ᠴᠢᠨᠠᠷ ᠰᠠᠶᠢᠲᠠᠶ ᠢᠯᠴᠢ ᠬᠠᠩᠭᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠪᠠ ᠤᠬᠠᠭᠤᠯᠭ᠎ᠠ ᠬᠥᠲᠥᠯᠦᠨ ᠵᠢᠯᠣᠭᠤᠳᠬᠤ ᠡᠷᠴᠢᠮ ᠢᠶᠠᠨ ᠴᠢᠩᠭᠠᠷᠠᠭᠤᠯᠵᠤ᠂ ᠠᠵᠢᠯ ᠤᠨ ᠠᠷᠭ᠎ᠠ ᠳᠤ ᠰᠢᠨ᠎ᠡ ᠶᠢ ᠡᠭᠦᠳᠴᠦ᠂ ᠨᠥᠯᠥᠭᠡᠯᠡᠬᠦ ᠬᠡᠪᠴᠢᠶ᠎ᠡ ᠪᠠᠷ ᠪᠠᠭ᠎ᠠ᠂ ᠬᠤᠷᠳᠤᠴᠠ ᠨᠢ ᠲᠦᠷᠭᠡᠨ᠂ ᠣᠯᠠᠨ ᠲᠦᠮᠡᠨ ᠤ ᠭᠥᠯᠢᠶᠡᠨ ᠠᠪᠴᠤ ᠳᠡᠶᠢᠯᠬᠦ ᠥᠭᠡᠷᠡᠴᠢᠯᠡᠯᠲᠡ ᠶᠢᠨ ᠠᠷᠭ᠎ᠠ ᠮᠠᠶ᠋ᠢᠭ ᠢ ᠬᠠᠶᠢᠨ ᠰᠦᠪᠡᠭᠴᠢᠯᠡᠵᠦ᠂ ᠥᠷᠭᠡᠨ ᠣᠯᠠᠨ ᠲᠦᠮᠡᠨ ᠤ ᠣᠶᠢᠯᠠᠭᠠᠯᠲᠠ ᠪᠠ ᠳᠡᠮᠵᠢᠯᠭᠡ ᠶᠢ ᠤᠯᠬᠤ ᠪᠠᠷ ᠪᠥᠬᠦ ᠬᠦᠴᠦᠨ ᠢᠶᠠᠷ ᠢᠶᠠᠨ ᠴᠢᠷᠮᠠᠶᠢᠬᠤ ᠬᠡᠷᠡᠭᠲᠡᠶ ᠭᠡᠵᠤ ᠴᠢᠬᠤᠯᠠᠴᠢᠯᠠᠪᠠ᠃
W020240828344877295231.jpg
    ᠭᠦᠸᠧ ᠢᠦᠢ ᠹᠧᠩ᠂ ᠢᠯᠴᠢ ᠬᠠᠩᠭᠠᠬᠤ ᠦᠢᠯᠡᠴᠢᠯᠡᠭᠡᠨ ᠤ ᠲᠤᠰᠬᠠᠢ ᠤᠳᠠᠰᠤ ᠲᠤᠬᠢᠷᠠᠭᠤᠯᠵᠦ᠂ ᠤᠯᠠᠨ ᠲᠦᠮᠡᠨ ᠤ ᠲᠤᠰᠬᠠᠭᠰᠠᠨ ᠢᠯᠴᠢ ᠬᠠᠩᠭᠠᠬᠤ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠤᠯᠠᠨ ᠲᠦᠮᠡᠨ ᠤ ᠰᠠᠨᠠᠵᠤ ᠪᠠᠶᠢᠭ᠎ᠠ᠂ ᠬᠡᠷᠡᠭᠴᠡᠭᠡ᠂ ᠵᠣᠪᠠᠨᠢᠯ᠂ ᠬᠦᠰᠡᠯ ᠡᠷᠡᠮᠡᠯᠵᠡᠯ ᠢ ᠣᠶᠢᠯᠠᠭᠠᠵᠤ᠂ ︽ᠲᠤᠯᠠᠭᠠᠯᠭ᠎ᠠ ᠶᠢᠨ ᠢᠨᠵᠧᠨᠧᠷᠢᠩ︾ ᠢ ᠦᠨᠡᠨ ᠬᠦ ︽ᠠᠷᠠᠳ ᠤᠨ ᠰᠡᠳᠬᠢᠯ ᠤᠨ ᠢᠨᠵᠧᠨᠧᠷᠢᠩ︾ ᠪᠣᠯᠭᠠᠨ ᠡᠷᠬᠢᠯᠡᠬᠦ ᠬᠡᠷᠡᠭᠲᠡᠢ᠃ ᠪᠥᠬᠦ ᠣᠷᠣᠨ ᠤ ᠬᠤᠲᠠ ᠶᠢᠨ ᠬᠠᠮᠢᠶᠠᠷᠤᠯᠲᠠ ᠶᠢᠨ ᠲᠤᠭ᠎ᠠ ᠪᠠᠷᠢᠮᠲᠠ ᠶᠢᠨ ᠲᠠᠪᠴᠠᠩ ᠢ ᠠᠰᠢᠭᠯᠠᠨ᠂ ᠰᠠᠭᠤᠭᠠᠯᠢ ᠠᠷᠠᠳ ᠤᠨ ᠭᠡᠷ ᠤᠨ ᠳᠤᠯᠠᠭᠠᠨ ᠢ ᠬᠢᠨᠠᠨ ᠬᠡᠮᠵᠢᠬᠦ ᠬᠠᠮᠲᠤᠷᠠᠨ ᠬᠥᠳᠡᠯᠦᠯᠴᠡᠬᠦ ᠰᠢᠰᠲ᠋ᠧᠮ ᠢ ᠲᠦᠷᠭᠡᠳᠬᠡᠨ ᠲᠡᠭᠦᠯᠳᠡᠷᠵᠢᠭᠦᠯᠵᠦ᠂ ᠰᠠᠭᠤᠭᠠᠯᠢ ᠠᠷᠠᠳ ᠤᠨ ᠲᠣᠭᠤᠷᠢᠭ ᠢᠶᠠᠷ ᠨᠢᠭᠡᠴᠢ ᠪᠣᠯᠭᠠᠨ᠂ ᠬᠠᠷᠢᠴᠠᠯ ᠶᠣᠰᠣᠭᠠᠷ ᠦᠷᠦᠭᠡ ᠶᠢᠨ ᠳᠤᠯᠠᠭᠠᠨ ᠤ ᠬᠡᠮᠵᠢᠭᠦᠷ ᠤᠭᠰᠠᠷᠠᠵᠤ᠂ ᠦᠷᠦᠭᠡ ᠶᠢᠨ ᠳᠤᠯᠠᠭᠠᠨ ᠢ ᠰᠦᠯᠵᠢᠶᠡᠨ ᠳᠡᠭᠡᠷ᠎ᠡ ᠬᠢᠨᠠᠨ ᠬᠡᠮᠵᠢᠬᠦ ᠶᠢ ᠬᠢᠨᠠᠨ ᠬᠠᠮᠢᠶᠠᠷᠬᠤ ᠴᠢᠬᠤᠯᠠ ᠠᠷᠭ᠎ᠠ ᠪᠠᠷᠢᠯ ᠪᠣᠯᠭᠠᠵᠤ᠂ ᠤᠷᠢᠳᠴᠢᠯᠠᠨ ᠰᠡᠷᠡᠮᠵᠢᠯᠡᠭᠦᠯᠵᠦ ᠰᠠᠨᠠᠭᠠᠴᠢᠯᠠᠭ᠎ᠠ ᠠᠴᠠ ᠪᠠᠨ ᠠᠰᠠᠭᠤᠳᠠᠯ ᠢ ᠢᠯᠡᠷᠡᠭᠦᠯᠵᠦ᠂ ᠢᠯᠴᠢ ᠬᠠᠩᠭᠠᠬᠤ ᠬᠢᠨᠠᠯᠲᠠ ᠬᠠᠮᠢᠶᠠᠷᠤᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ ᠭᠡᠵᠤ ᠱᠠᠭᠠᠷᠳᠠᠪᠠ᠃    ᠭᠦᠸᠧ ᠢᠦᠶ ᠹᠧᠩ᠂ ᠪᠠᠷᠢᠯᠭ᠎ᠠ ᠶᠢᠨ ᠬᠤᠭ ᠨᠣᠪᠰᠢ ᠶᠢ ᠰᠢᠢᠳᠪᠦᠷᠢᠯᠡᠬᠦ ᠵᠢᠴᠢ ᠡᠬᠢ ᠪᠠᠶᠠᠯᠢᠭᠵᠢᠭᠤᠯᠤᠨ ᠠᠰᠢᠭᠯᠠᠬᠤ ᠲᠠᠯ᠎ᠠ ᠪᠠᠷ ᠱᠠᠭᠠᠷᠳᠠᠯᠭ᠎ᠠ ᠳᠤᠷᠠᠳᠪᠠ᠃ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠠᠯᠪᠠᠨ ᠬᠡᠷ
Baidu
map