ᠭᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠪᠠᠷᠢᠯᠭ᠎ᠠ ᠶᠢᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠬᠦᠷᠢᠶ᠎ᠡ ᠴᠠᠷᠠᠭ᠎ᠠ ᠶᠢ ᠲᠤᠰᠬᠠᠶᠢᠯᠠᠨ ᠴᠡᠭᠴᠡᠯᠡᠨ ᠵᠠᠰᠠᠭᠰᠠᠨ ᠨᠡᠶᠢᠲᠡᠯᠢᠭ ᠠᠰᠠᠭᠤᠳᠠᠯ ᠤᠨ ᠬᠡᠷᠡᠭ ᠤᠨ ᠵᠢᠱᠢᠶ᠎ᠡ ᠶᠢ ᠢᠯᠡ ᠪᠠᠷ ᠵᠠᠷᠯᠠᠨ ᠮᠡᠳᠡᠭᠳᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2024/8/30
ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠡᠯ᠎ᠡ ᠬᠤᠯᠪᠣᠭᠳᠠᠯ ᠪᠦᠬᠦᠢ ᠨᠢᠭᠡᠴᠢ ᠳᠤ᠄    ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠦᠷᠢᠶ᠎ᠡ ᠴᠠᠷᠠᠭ᠎ᠠ ᠶᠢᠨ ᠲᠣᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠂ ᠬᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠪᠠᠷᠢᠯᠭ᠎ᠠ ︵ᠳᠣᠷᠣᠭᠰᠢ ᠬᠡᠷ ᠪᠠᠶᠢᠰᠢᠩ ᠬᠤᠲᠠ ᠶᠢᠨ ᠶᠠᠪᠤᠳᠠᠯ ᠤᠨ ᠢᠨᠵᠧᠨᠧᠷᠢᠩ ᠭᠡᠵᠦ ᠲᠣᠪᠴᠢᠯᠠᠨ᠎ᠠ︶ ᠶᠢᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠬᠦᠷᠢᠶ᠎ᠡ ᠴᠠᠷᠠᠭ᠎ᠠ ᠶᠢᠨ ᠲᠤᠰᠬᠠᠶ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠳᠥᠯᠭᠢᠨ ᠠᠬᠢᠭᠤᠯᠬᠤ ᠶᠢᠨ ᠲᠥᠯᠥᠭᠡ᠂    ︽︿ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠦᠷᠢᠶ᠎ᠡ ᠴᠠᠷᠠᠭ᠎ᠠ ᠶᠢᠨ ᠲᠣᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠲᠥᠰᠦᠯ﹀ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠥᠰᠥᠭ ﹇2020﹈ 14 ᠳ᠋ᠤᠭᠡᠷ ᠲᠣᠭᠠᠲᠤ︶᠂ ︽︿ᠬᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠪᠠᠷᠢᠯᠭ᠎ᠠ ᠶᠢᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠬᠦᠷᠢᠶ᠎ᠡ ᠴᠠᠷᠠᠭ᠎ᠠ ᠶᠢᠨ ᠲᠤᠰᠬᠠᠶ ᠴᠡᠭᠴᠡᠯᠡᠨ ᠵᠠᠰᠠᠬᠤ ᠬᠡᠷᠡᠭᠵᠢᠭᠦᠯᠬᠦ ᠲᠥᠰᠦᠯ﹀ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠪᠠᠶᠢᠭᠤᠯᠤᠯᠲᠠ ᠬᠤᠲᠠ ᠵᠠᠬᠢᠳᠠᠯ ﹇ 2024﹈ 87 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂    ᠬᠡᠷᠡᠭ ᠢᠶᠠᠷ ᠲᠣᠯᠢ ᠪᠣᠯᠭᠠᠬᠤ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠶᠢ ᠴᠢᠩᠭᠠᠳᠬᠠᠵᠤ᠂ ᠡᠰᠡᠷᠭᠦ ᠲᠠᠯ᠎ᠠ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠬᠦ ᠶᠢᠨ ᠰᠦᠷᠳᠡᠭᠦᠯᠬᠦ᠂ ᠰᠡᠷᠡᠮᠵᠢᠯᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠬᠥᠲᠥᠯᠥᠨ ᠵᠢᠯᠣᠭᠤᠳᠴᠤ ᠪᠠᠶᠢᠭᠠᠳ ᠬᠠᠤᠯᠢ ᠲᠣᠭᠲᠠᠭᠠᠯ ᠳᠤ ᠨᠡᠶᠢᠴᠡᠭᠦᠯᠦᠨ ᠭᠡᠷ ᠪᠠᠶᠢᠰᠢᠩ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠠᠵᠢᠯᠯᠠᠭ᠎ᠠ ᠳᠤ ᠣᠷᠣᠯᠴᠠᠭᠤᠯᠵᠤ᠂ ᠢᠯᠡ ᠲᠣᠳᠣ ᠲᠥᠪ ᠭᠤᠣᠯᠴᠢ᠂ ᠵᠢᠷᠤᠮᠵᠢᠯ ᠲᠠᠢ ᠥᠨᠳᠥᠷ ᠪᠦᠲᠦᠮᠵᠢᠲᠡᠶ᠂ ᠡᠷᠬᠡ ᠲᠡᠭᠰᠢ ᠪᠠᠷ ᠥᠷᠢᠰᠦᠯᠳᠦᠬᠦ᠂ ᠭᠦᠢᠴᠡᠳ ᠨᠡᠭᠡᠭᠡᠯᠲᠡ ᠲᠠᠢ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠵᠠᠬ᠎ᠠ ᠳᠡᠯᠭᠡᠭᠦᠷ ᠢ ᠬᠠᠮᠲᠤ ᠪᠠᠷ ᠪᠤᠢ ᠪᠣᠯᠭᠠᠬᠤ ᠬᠡᠷᠡᠭᠲᠡᠢ᠃ ᠡᠳᠦᠭᠡ ᠭᠤᠷᠪᠠᠨ ᠨᠡᠶᠢᠲᠡᠯᠢᠭ ᠬᠡᠷᠡᠭ ᠤᠨ ᠵᠢᠱᠢᠶ᠎ᠡ ᠶᠢ ᠢᠯᠡ ᠪᠠᠷ ᠵᠠᠷᠯᠠᠨ ᠮᠡᠳᠡᠭᠳᠡᠶ᠎ᠡ᠂ ᠪᠣᠳᠠᠲᠠᠶ ᠪᠠᠶᠢᠳᠠᠯ ᠨᠢ ᠳᠣᠤᠷᠠᠬᠢ ᠮᠡᠲᠦ᠄    ᠬᠡᠷᠡᠭ ᠤᠨ ᠵᠢᠱᠢᠶ᠎ᠡ ᠨᠢᠭᠡ    ᠲᠥᠷᠥᠯ ᠵᠦᠢᠯ ᠤᠨ ᠨᠡᠷᠡᠢᠳᠦᠯ᠄ ᠬᠠᠢᠯᠠᠷ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠭᠡᠷ ᠳᠣᠲᠣᠷᠠᠬᠢ ᠪᠣᠯᠪᠠᠰᠤᠷᠠᠯ ᠤᠨ ᠣᠷᠳᠣᠨ ᠤ ᠲᠥᠷᠥᠯ ᠵᠦᠢᠯ᠃    ᠬᠠᠤᠯᠢ ᠠᠴᠠ ᠵᠥᠷᠢᠴᠡᠭᠰᠡᠨ ᠭᠤᠤᠯ ᠴᠣᠭᠴᠠ᠄ ᠵᠥᠩ ᠰᠢᠨ ᠢ ᠵᠢᠶᠠ ᠪᠥᠲᠥᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠵᠥᠩ ᠰᠢᠶᠠᠩ ᠵᠢᠷᠤᠭ ᠲᠥᠯᠥᠪᠯᠡᠭᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠃    ᠬᠠᠤᠯᠢ ᠶᠢ ᠵᠥᠷᠢᠴᠡᠭᠰᠡᠨ ᠪᠣᠳᠠᠲᠤ ᠶᠠᠪᠤᠳᠠᠯ᠄ ᠵᠥᠩ ᠰᠢᠨ ᠢ ᠵᠢᠶᠠ ᠪᠥᠲᠥᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠵᠥᠩ ᠰᠢᠶᠠᠩ ᠵᠢᠷᠤᠭ ᠲᠥᠯᠥᠪᠯᠡᠭᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠬᠠᠷᠢᠯᠴᠠᠨ ᠰᠥᠯᠪᠡᠭᠡᠯᠳᠦᠨ ᠳᠠᠭᠠᠭᠠᠴᠢᠯᠠᠯᠲᠠ ᠬᠦᠯᠢᠶᠡᠬᠦ ᠦᠢᠯᠡ ᠠᠵᠢᠯᠯᠠᠭ᠎ᠠ ᠣᠷᠣᠰᠢᠵᠤ ᠪᠠᠶᠢᠨ᠎ᠠ᠃    ᠪᠠᠶᠢᠴᠠᠭᠠᠨ ᠰᠢᠢᠳᠪᠦᠷᠢᠯᠡᠭᠰᠡᠨ ᠪᠠᠶᠢᠳᠠᠯ᠄ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠬᠠᠤᠯᠢ︾ ᠶᠢᠨ ᠲᠠᠪᠢᠨ ᠭᠤᠷᠪᠠᠳᠤᠭᠠᠷ ᠵᠦᠢᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠬᠠᠤᠯᠢ ᠶᠢ ᠬᠡᠷᠡᠭᠵᠢᠭᠦᠯᠬᠦ ᠲᠦᠷᠢᠮ︾ ᠤᠨ ᠵᠢᠷᠠᠨ ᠳᠣᠯᠣᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠨ᠂ ᠵᠥᠩ ᠰᠢᠨ ᠢ ᠵᠢᠶᠠ ᠪᠥᠲᠥᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢ 27342 ᠲᠥᠭᠦᠷᠢᠭ ᠢᠶᠠᠷ ᠲᠣᠷᠭᠠᠵᠤ᠂ ᠲᠡᠭᠦᠨ ᠤ ᠳᠠᠭᠠᠭᠠᠴᠢᠯᠠᠯᠲᠠ ᠬᠦᠯᠢᠶᠡᠬᠦ ᠬᠠᠷᠢᠭᠤᠴᠠᠯᠭᠠᠲᠠᠨ ᠴᠧᠩ ᠣᠪᠣᠭᠲᠤ ᠶᠢ 1640 ᠲᠥᠭᠦᠷᠢᠭ ᠢᠶᠠᠷ ᠲᠣᠷᠭᠠᠵᠤ᠂ ᠵᠥᠩ ᠰᠢᠶᠠᠩ ᠵᠢᠷᠤᠭ ᠲᠥᠯᠥᠪᠯᠡᠭᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢ 27342 ᠲᠥᠭᠦᠷᠢᠭ ᠢᠶᠠᠷ ᠲᠣᠷᠭᠠᠵᠤ᠂ ᠲᠡᠭᠦᠨ ᠤ ᠳᠠᠭᠠᠭᠠᠴᠢᠯᠠᠯᠲᠠ ᠬᠦᠯᠢᠶᠡᠬᠦ ᠬᠠᠷᠢᠭᠤᠴᠠᠯᠭᠠᠲᠠᠨ ᠬᠤᠸᠠ ᠣᠪᠣᠭᠲᠤ ᠶᠢ 1640 ᠲᠥᠭᠦᠷᠢᠭ ᠢᠶᠠᠷ ᠲᠣᠷᠭᠠᠪᠠ᠃     ᠬᠡᠷᠡᠭ ᠤᠨ ᠵᠢᠱᠢᠶ᠎ᠡ ᠬᠤᠶᠠᠷ    ᠲᠥᠷᠥᠯ ᠵᠦᠢᠯ ᠤᠨ ᠨᠡᠷᠡᠢᠳᠦᠯ᠄ ᠵᠠᠯᠠᠢᠨᠠᠭᠤᠷ ᠲᠣᠭᠤᠷᠢᠭ ᠤᠨ 2024 ᠣᠨ ᠤ ᠬᠠᠭᠤᠴᠢᠨ ᠰᠠᠭᠤᠭᠠᠯᠢ ᠲᠣᠭᠤᠷᠢᠭ ᠤᠨ ᠠᠰᠠᠷ ᠪᠠᠶᠢᠰᠢᠩ ᠤᠨ ᠥᠭᠡᠷᠡᠴᠢᠯᠡᠯᠲᠡ ᠶᠢᠨ ᠨᠢᠭᠡᠳᠦᠭᠡᠷ ᠬᠤᠭᠤᠴᠠᠭᠠᠨ ᠤ ᠪᠠᠷᠢᠯᠭ᠎ᠠ ᠃    ᠬᠠᠤᠯᠢ ᠠᠴᠠ ᠵᠥᠷᠢᠴᠡᠭᠰᠡᠨ ᠭᠤᠤᠯ ᠴᠣᠭᠴᠠ᠄ ᠦᠪᠦᠷ ᠮᠤᠩᠬᠤᠯ ᠤᠨ ᠸᠠᠨ ᠰᠢᠩ ᠪᠦᠳᠦᠭᠡᠨ ᠪᠠᠶᠢᠬᠤᠯᠤᠯᠲᠠ ᠶᠢᠨ ᠭᠢᠵᠠᠬᠠᠷᠳᠤ ᠺᠤᠮᠫᠠᠨ᠋ᠢ᠃    ᠬᠠᠤᠯᠢ ᠶᠢ ᠵᠥᠷᠢᠴᠡᠭᠰᠡᠨ ᠪᠣᠳᠠᠲᠤ ᠶᠠᠪᠤᠳᠠᠯ᠄ ᠥᠪᠥᠷ ᠮᠣᠩᠭᠤᠯ ᠤᠨ ᠸᠠᠨ ᠰᠢᠩ ᠪᠥᠲᠥᠭᠡᠨ ᠪᠠᠶᠢᠭᠤᠯᠤᠯᠲᠠ ᠶᠢᠨ ᠬᠢᠵᠠᠭᠠᠷᠲᠤ ᠺᠣᠮᠫᠠᠨᠢ ᠭᠡᠷᠡᠴᠢ ᠪᠠᠷᠢᠮᠲᠠ ᠶᠢ ᠬᠠᠭᠤᠷᠮᠠᠭᠯᠠᠨ ᠵᠣᠬᠢᠶᠠᠭᠰᠠᠨ ᠭᠡᠷᠡᠴᠢ ᠮᠠᠲ᠋ᠧᠷᠢᠶᠠᠯ ᠪᠠ ᠬᠤᠳᠠᠯ ᠬᠡᠯᠡᠵᠦ ᠬᠠᠭᠤᠷᠮᠠᠭᠯᠠᠨ ᠵᠣᠬᠢᠶᠠᠵᠤ ᠳᠠᠭᠠᠭᠠᠴᠢᠯᠠᠯᠲᠠ ᠶᠢ ᠮᠡᠬᠡᠯᠡᠨ ᠠᠪᠤᠭᠰᠠᠨ ᠦᠢᠯᠡ ᠠᠵᠢᠯᠯᠠᠭ᠎ᠠ ᠣᠷᠣᠰᠢᠵᠤ ᠪᠠᠶᠢᠨ᠎ᠠ ᠃    ᠪᠠᠶᠢᠴᠠᠭᠠᠨ ᠰᠢᠢᠳᠪᠦᠷᠢᠯᠡᠭᠰᠡᠨ ᠪᠠᠶᠢᠳᠠᠯ᠄ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠬᠠᠤᠯᠢ︾ ᠶᠢᠨ ᠲᠠᠪᠢᠨ ᠳᠥᠷᠪᠡᠳᠦᠭᠡᠷ ᠵᠦᠢᠯ ᠤᠨ ᠲᠣᠭᠲᠠᠭᠠᠯ ᠢ ᠦᠨᠳᠦᠰᠦᠯᠡᠨ᠂ᠦᠪᠦᠷ ᠮᠤᠩᠬᠤᠯ ᠤᠨ ᠸᠠᠨ ᠰᠢᠩ ᠪᠦᠳᠦᠭᠡᠨ ᠪᠠᠶᠢᠬᠤᠯᠤᠯᠲᠠ ᠶᠢᠨ ᠭᠢᠵᠠᠬᠠᠷᠳᠤ ᠺᠤᠮᠫᠠᠨ᠋ᠢ ᠶᠢ 99229 ᠲᠥᠭᠦᠷᠢᠭ ᠢᠶᠠᠷ ᠲᠣᠷᠭᠠᠵᠤ᠂ ᠲᠡᠭᠦᠨ ᠤ ᠬᠠᠤᠯᠢ ᠶᠢᠨ ᠡᠷᠬᠡᠲᠡᠨ ᠵᠠᠩ ᠣᠪᠣᠭᠲᠤ ᠶᠢ 4961 ᠲᠥᠭᠦᠷᠢᠭ ᠢᠶᠠᠷ ᠲᠣᠷᠭᠠᠪᠠ᠃     ᠬᠡᠷᠡᠭ ᠤᠨ ᠵᠢᠱᠢᠶ᠎ᠡ ᠭᠤᠷᠪᠠ    ᠲᠥᠷᠥᠯ ᠵᠦᠢᠯ ᠤᠨ ᠨᠡᠷᠡᠢᠳᠦᠯ᠄ ᠴᠢᠩ ᠱᠠᠨ ᠲᠣᠭᠤᠷᠢᠭ ᠤᠨ ᠰᠢᠩ ᠱᠧᠩ ᠪᠠᠯᠭᠠᠰᠤᠨ ᠤ ᠲᠣᠰᠭᠤᠨ ᠤ ᠬᠠᠮᠲᠤ ᠶᠢᠨ ᠣᠷᠴᠢᠨ ᠲᠣᠭᠤᠷᠢᠨ ᠢ ᠳᠡᠭᠡᠭᠰᠢᠯᠡᠭᠦᠯᠦᠨ ᠥᠭᠡᠷᠡᠴᠢᠯᠡᠬᠦ ᠲᠥᠷᠥᠯ ᠵᠦᠢᠯ ᠤᠨ ᠪᠠᠷᠢᠯᠭ᠎ᠠ ᠶᠢᠨ ᠵᠢᠷᠭᠤᠳᠤᠭᠠᠷ ᠳᠠᠭᠠᠭᠠᠴᠢᠯᠠᠯ ᠬᠡᠰᠡᠭ ᠃    ᠬᠠᠤᠯᠢ ᠠᠴᠠ ᠵᠥᠷᠢᠴᠡᠭᠰᠡᠨ ᠭᠤᠤᠯ ᠴᠣᠭᠴᠠ᠄ ᠵᠥᠩ ᠴᠧᠩ ᠬᠠᠢ ᠴᠤᠸᠠᠩ ᠪᠥᠲᠥᠭᠡᠨ ᠪᠠᠶᠢᠭᠤᠯᠤᠯᠲᠠ ᠶᠢᠨ ᠬᠢᠵᠠᠭᠠᠷᠲᠤ ᠺᠣᠮᠫᠠᠨᠢ᠃    ᠬᠠᠤᠯᠢ ᠶᠢ ᠵᠥᠷᠢᠴᠡᠭᠰᠡᠨ ᠪᠣᠳᠠᠲᠤ ᠶᠠᠪᠤᠳᠠᠯ᠄ ᠵᠦᠩ ᠴᠧᠩ ᠬᠠᠢ ᠴᠤᠸᠠᠩ ᠪᠦᠲᠦᠭᠡᠨ ᠪᠠᠢᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠲᠣᠮᠢᠯᠠᠭᠰᠠᠨ ᠲᠥᠷᠥᠯ ᠵᠦᠢᠯ ᠤᠨ ᠬᠠᠷᠢᠭᠤᠴᠠᠯᠭᠠᠲᠠᠨ ᠪᠡᠶ᠎ᠡ ᠮᠠᠬᠠᠪᠣᠳ ᠤᠨ ᠰᠢᠯᠲᠠᠭᠠᠨ ᠠᠴᠠ ᠪᠣᠯᠵᠤ ᠲᠤᠬᠠᠢ ᠶᠢᠨ ᠲᠠᠯᠠᠪᠠᠢ ᠳᠤ ᠬᠦᠷᠴᠦ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠶᠢᠨ ᠠᠷᠭ᠎ᠠ ᠦᠭᠡᠢ ᠪᠣᠯᠵᠤ᠂ ᠳᠠᠭᠠᠭᠠᠴᠢᠯᠠᠯᠲᠠ ᠵᠠᠷᠯᠠᠭᠴᠢ ᠳᠤ ᠨᠢᠭᠡᠳᠦᠭᠡᠷ ᠳᠠᠭᠠᠭᠠᠴᠢᠯᠠᠯᠲᠠ ᠣᠯᠤᠭᠰᠠᠨ ᠵᠢᠭᠰᠢᠭᠳᠡᠭᠰᠡᠳ ᠤᠨ ᠬᠢᠷᠢ ᠭᠡᠮ ᠢ ᠬᠠᠶᠠᠬᠤ ᠭᠤᠶᠤᠴᠢᠯᠠᠯ ᠳᠤᠷᠠᠳᠴᠤ᠂ ᠳᠠᠭᠠᠭᠠᠴᠢᠯᠠᠯᠲᠠ ᠵᠠᠷᠯᠠᠭᠴᠢ ᠲᠠᠢ ᠭᠡᠷ᠎ᠡ ᠲᠣᠭᠲᠠᠭᠠᠬᠤ ᠦᠭᠡᠢ ᠃    ᠪᠠᠶᠢᠴᠠᠭᠠᠨ ᠰᠢᠢᠳᠪᠦᠷᠢᠯᠡᠭᠰᠡᠨ ᠪᠠᠶᠢᠳᠠᠯ᠄ ᠵᠥᠩ ᠴᠧᠩ ᠬᠠᠶ ᠴᠤᠸᠠᠩ ᠪᠦᠲᠦᠭᠡᠨ ᠪᠠᠶᠢᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠨᠢᠭᠡᠳᠦᠭᠡᠷ ᠳᠠᠭᠠᠭᠠᠴᠢᠯᠠᠯᠲᠠ ᠣᠯᠤᠭᠰᠠᠨ ᠵᠢᠭᠰᠢᠭᠳᠡᠭᠰᠡᠳ ᠤᠨ ᠬᠢᠷᠢ ᠬᠡᠮ ᠢᠶᠠᠨ ᠵᠦᠶ ᠶᠣᠰᠣᠨ ᠤ ᠰᠢᠯᠲᠠᠭᠠᠨ ᠥᠬᠡᠶ ᠪᠠᠷ ᠬᠠᠶᠠᠭᠰᠠᠨ ᠦᠢᠯᠡ ᠠᠵᠢᠯᠯᠠᠭ᠎ᠠ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠬᠠᠤᠯᠢ︾ ᠶᠢᠨ ᠲᠠᠪᠤᠳᠤᠭᠠᠷ ᠵᠦᠢᠯ ᠤᠨ ᠦᠨᠡᠨᠴᠢ ᠢᠲᠡᠭᠡᠮᠵᠢ ᠶᠢᠨ ᠵᠠᠷᠴᠢᠮ ᠪᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠬᠠᠤᠯᠢ ᠶᠢ ᠬᠡᠷᠡᠭᠵᠢᠭᠦᠯᠬᠦ ᠲᠦᠷᠢᠮ︾ ᠤᠨ ᠲᠠᠪᠢᠨ ᠳᠣᠯᠣᠳᠤᠭᠠᠷ ᠵᠦᠢᠯ ᠤᠨ ᠲᠣᠭᠲᠠᠭᠠᠯ ᠢ ᠵᠥᠷᠢᠴᠡᠪᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠢᠰᠲ᠋ᠧᠮ ᠤᠨ ᠵᠠᠰᠠᠭ ᠵᠠᠬᠢᠷᠭᠠᠨ ᠤ ᠰᠢᠢᠳᠬᠡᠯ ᠤᠨ ᠴᠢᠯᠥᠭᠡᠲᠦ ᠲᠠᠰᠤᠯᠤᠯᠲᠠ ᠶᠢᠨ ᠰᠠᠭᠤᠷᠢ ᠪᠠᠷᠢᠮᠵᠢᠶ᠎ᠠ︾ ᠶᠢᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠬᠡᠰᠡᠭ ᠤᠨ 17 ᠳ᠋ᠤᠭᠠᠷ ᠵᠦᠢᠯ ᠦᠢᠯᠡ ᠪᠠᠶᠢᠳᠠᠯ ᠨᠢ ᠨᠡᠯᠢᠶᠡᠳ ᠬᠥᠩᠭᠡᠨ ᠪᠠᠶᠢᠬᠤ ᠲᠣᠭᠲᠠᠭᠠᠯ ᠢ ᠦᠨᠳᠦᠰᠦᠯᠡᠨ᠂ ᠵᠥᠩ ᠴᠧᠩ ᠬᠠᠶ ᠴᠤᠸᠠᠩ ᠪᠥᠲᠥᠭᠡᠨ ᠪᠠᠶᠢᠭᠤᠯᠤᠯᠲᠠ ᠶᠢᠨ ᠬᠢᠵᠠᠭᠠᠷᠲᠤ ᠺᠣᠮᠫᠠᠨᠢ ᠶᠢ 22792.28 ᠲᠥᠭᠦᠷᠢᠭ ᠢᠶᠠᠷ ᠲᠣᠷᠭᠠᠪᠠ᠃    2024ᠣᠨ ᠤ8 ᠳ᠋ᠤᠭᠠᠷ ᠰᠠᠷ᠎ᠠ ᠶᠢᠨ1 ᠤ ᠡᠳᠦᠷ 
ᠢᠷᠡᠯᠲᠡ᠄ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ
Baidu
map