ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/6
    8 ᠳ᠋ᠤᠭᠠᠷ ᠰᠠᠷ᠎ᠠ ᠶᠢᠨ 2 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠲᠥᠪ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠬᠤᠷᠠᠯ ᠪᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠪᠠ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠦᠸᠧ ᠢᠦᠶ ᠹᠧᠩ ᠬᠤᠷᠠᠯ ᠢ ᠡᠷᠭᠢᠯᠡᠪᠡ᠃
W020240805345508943039.jpg
    ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠲᠥᠪ ᠬᠤᠷᠢᠶ᠎ᠠ ᠪᠣᠯᠤᠨ ᠲᠥᠷᠥ ᠶᠢᠨ ᠪᠠᠶᠢᠭᠤᠯᠭ᠎ᠠ ᠶᠢᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ  ᠶᠢᠨ ᠰᠤᠷᠤᠯᠴᠠᠯᠭ᠎ᠠ ᠶᠢ ᠨᠠᠮ ᠤᠨ ᠰᠢᠨ᠎ᠡ ᠶᠢ ᠡᠭᠦᠳᠬᠦ ᠣᠨᠣᠯ ᠢᠶᠠᠷ ᠵᠡᠪᠰᠡᠭᠯᠡᠬᠦ ᠠᠵᠢᠯ ᠤᠨ ᠨᠢᠭᠡᠨ ᠴᠢᠬᠤᠯᠠ ᠶᠡᠭᠡ ᠡᠭᠦᠷᠭᠡ ᠪᠣᠯᠭᠠᠵᠤ᠂ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠯᠲᠡᠶ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠣᠰᠣᠭᠠᠷ᠂ ᠲᠢᠩᠬᠢᠮ ᠤᠨ ᠰᠢᠰᠲ᠋ᠧᠮ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠪᠣᠳᠠᠲᠠᠶ ᠲᠣᠬᠢᠷᠠᠭᠤᠯᠤᠯᠲᠠ ᠬᠢᠵᠦ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠥᠷᠨᠢᠯᠲᠡ ᠶᠢ ᠦᠳᠲᠡᠷ ᠲᠦᠷᠭᠡᠨ ᠪᠣᠶ ᠪᠣᠯᠭᠠᠬᠤ ᠬᠡᠷᠡᠭᠲᠡᠶ᠃ ᠪᠦᠬᠦᠳᠡ ᠬᠤᠷᠠᠯ ᠤᠨ ᠵᠣᠷᠢᠭ ᠰᠠᠨᠠᠭ᠎ᠠ ᠶᠢᠨ ᠰᠤᠷᠤᠯᠴᠠᠯᠭ᠎ᠠ ᠶᠢ ᠨᠠᠮ ᠤᠨ ᠤᠳᠤᠷᠢᠳᠬᠤ ᠳᠤᠭᠤᠶᠢᠯᠠᠩ  ᠤᠨ ᠤᠨᠤᠯ ᠤᠨ ᠭᠤᠣᠯ ᠳᠤᠭᠤᠶᠢᠯᠠᠩ ᠤᠨ ᠰᠤᠷᠤᠯᠴᠠᠯᠭ᠎ᠠ ᠳᠤ ᠣᠷᠣᠭᠤᠯᠵᠤ᠂ ᠨᠠᠮ ᠤᠨ ᠡᠭᠦᠷ ᠤᠨ ︽ᠭᠤᠷᠪᠠᠨ ᠬᠤᠷᠠᠯ ᠨᠢᠭᠡ ᠬᠢᠴᠢᠶᠡᠯ︾ ᠤᠨ ᠭᠤᠣᠯᠳᠠᠯᠭ᠎ᠠ ᠲᠠᠢ ᠠᠭᠤᠯᠭ᠎ᠠ ᠳᠤ ᠣᠷᠣᠭᠤᠯᠵᠤ᠂ ᠺᠠᠳ᠋ᠷ ᠤᠨ ᠪᠣᠯᠪᠠᠰᠤᠷᠠᠯ ᠬᠥᠮᠦᠵᠢᠯ ᠤᠨ ᠵᠠᠪᠠᠯ ᠰᠤᠷᠬᠤ ᠬᠢᠴᠢᠶᠡᠯ ᠳᠤ ᠣᠷᠣᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠤᠨ ᠲᠡᠷᠡ ᠬᠡᠪ ᠢᠶᠠᠷ ᠨᠢ ᠰᠤᠷᠤᠯᠴᠠᠵᠤ᠂ ᠪᠦᠬᠦ ᠲᠠᠯ᠎ᠠ ᠪᠠᠷ ᠰᠢᠰᠲ᠋ᠧᠮ ᠲᠠᠢ ᠰᠤᠷᠤᠯᠴᠠᠵᠤ ᠂ ᠵᠣᠷᠢᠭ ᠰᠠᠨᠠᠭᠠᠨ ᠤ ᠮᠥᠨ ᠴᠢᠨᠠᠷ ᠢ ᠤᠶᠢᠯᠠᠭᠠᠵᠤ᠂ ᠭᠤᠣᠯ ᠴᠢᠬᠤᠯᠠ ᠠᠭᠤᠯᠭ᠎ᠠ ᠶᠢ ᠡᠵᠡᠮᠰᠢᠬᠦ ᠬᠡᠷᠡᠭᠲᠡᠢ᠃ ᠪᠥᠬᠦᠳᠡ ᠬᠤᠷᠠᠯ ᠠᠴᠠ ᠳᠤᠷᠠᠳᠤᠭᠰᠠᠨ ᠴᠢᠬᠤᠯᠠ ᠦᠵᠡᠯ ᠰᠠᠨᠠᠭ᠎ᠠ᠂ ᠦᠵᠡᠯᠲᠡ᠂ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ᠂ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ ᠲᠣᠭᠤᠷᠢᠨ ᠳᠤ ᠣᠯᠠᠨ ᠬᠡᠯᠪᠡᠷᠢ ᠶᠢᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠦᠨᠡᠨ ᠬᠦ ᠲᠣᠳᠣᠷᠬᠠᠶ ᠶᠠᠷᠢᠵᠤ᠂ ᠣᠨᠣᠪᠴᠢᠲᠠᠶ ᠶᠠᠷᠢᠵᠤ᠂ ᠨᠡᠪᠲᠡᠷᠡᠲᠡᠯ᠎ᠡ ᠶᠠᠷᠢᠵᠤ᠂ ᠪᠣᠳᠠᠲᠠᠶ ᠶᠠᠷᠢᠬᠤ ᠬᠡᠷᠡᠭᠲᠡᠶ᠃ ᠡᠯ᠎ᠡ ᠵᠦᠢᠯ ᠤᠨ ᠤᠬᠠᠭᠤᠯᠭ᠎ᠠ ᠶᠢᠨ ᠠᠷᠭ᠎ᠠ ᠵᠠᠮ ᠪᠣᠯᠤᠨ ᠠᠴᠢᠶᠠᠯᠠᠪᠤᠷᠢ ᠶᠢ ᠠᠰᠢᠭᠯᠠᠵᠤ᠂ ᠰᠤᠷᠤᠯᠴᠠᠬᠤ ᠪᠠ ᠤᠬᠠᠭᠤᠯᠤᠨ ᠲᠤᠭᠤᠰᠢᠯᠠᠭᠤᠯᠬᠤ ᠰᠦᠷ ᠬᠦᠴᠦᠨ ᠢ ᠦᠳᠲᠡᠷ ᠲᠦᠷᠭᠡᠨ ᠪᠤᠢ ᠪᠣᠯᠭᠠᠵᠤ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠲᠡᠷᠡ ᠬᠡᠪ ᠢᠶᠠᠷ ᠨᠢ ᠣᠷᠣᠨ ᠰᠠᠭᠤᠴᠠ ᠪᠠ ᠪᠦᠳᠦᠭᠡᠨ ᠪᠠᠶᠢᠭᠤᠯᠤᠯᠲᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠤᠨ ᠪᠣᠳᠠᠲᠠᠢ ᠠᠵᠢᠯᠯᠠᠭ᠎ᠠ ᠪᠣᠯᠭᠠᠨ ᠬᠤᠪᠢᠷᠠᠭᠤᠯᠬᠤ ᠬᠡᠷᠡᠭᠲᠡᠢ ᠭᠡᠵᠤ ᠵᠢᠭᠠᠨ ᠭᠠᠷᠭᠠᠪᠠ᠃    ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ ᠡᠨᠡ ᠬᠦ ᠬᠥᠪᠴᠢ ᠶᠢ ᠢᠮᠠᠭᠲᠠ ᠴᠢᠩᠭᠠᠯᠠᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠪᠦᠷᠢᠨ ᠭᠦᠢᠴᠡᠳ ᠪᠡᠯᠡᠳᠬᠡᠯ ᠬᠢᠵᠦ ᠥᠴᠦᠬᠡᠨ ᠴᠦ ᠠᠯᠳᠠᠰᠢ ᠭᠠᠷᠭᠠᠬᠤ ᠥᠬᠡᠶ ᠪᠠᠶᠢᠬᠤ ᠶᠢ ᠪᠠᠲᠤᠯᠠᠵᠤ᠂ ᠬᠤᠲᠠ ᠶᠢᠨ ᠠᠮᠤᠷ ᠲᠦᠪᠰᠢᠨ ᠢᠶᠠᠷ ᠦᠶᠡᠷ ᠢ ᠥᠩᠭᠡᠷᠡᠭᠦᠯᠬᠦ ᠪᠠ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃ ᠬᠤᠳᠠ ᠶᠢᠨ ᠭᠠᠵᠠᠷ ᠳᠣᠣᠷᠠᠬᠢ ᠣᠷᠣᠨ ᠵᠠᠢ᠂ ᠬᠥᠭᠦᠷᠭᠡ ᠶᠢᠨ ᠭᠤᠯᠳᠤᠩ᠂ ᠨᠦᠬᠡᠨ ᠵᠠᠮ᠂ ᠬᠤᠲᠣᠭᠤᠷ ᠭᠠᠵᠠᠷ᠂ ᠠᠮᠠᠷᠬᠠᠨ ᠤᠰᠤᠲᠤᠬᠤ᠂ ᠤᠰᠤ ᠬᠤᠷᠠᠬᠤ ᠭᠠᠵᠠᠷ ᠵᠡᠷᠭᠡ ᠣᠷᠣᠨ ᠪᠦᠰᠡ ᠶᠢᠨ ᠠᠶᠤᠯ ᠲᠦᠭᠰᠢᠭᠦᠷᠢ ᠶᠢᠨ ᠭᠡᠮ ᠰᠣᠭᠤᠭ ᠢ ᠭᠦᠨᠵᠡᠭᠡᠢ ᠵᠢᠭᠰᠠᠭᠠᠨ ᠪᠠᠶᠢᠴᠠᠭᠠᠵᠤ᠂ ᠤᠰᠤ ᠭᠠᠳᠠᠭᠰᠢᠯᠠᠭᠤᠯᠵᠤ ᠤᠰᠤᠲᠤᠯ ᠢ ᠰᠡᠷᠭᠡᠶᠢᠯᠡᠬᠦ ᠢᠨᠵᠧᠨᠧᠷᠢᠩ  ᠤᠨ ᠰᠢᠰᠲ᠋ᠧᠮ ᠤᠨ ᠪᠠᠶᠢᠭᠤᠯᠤᠯᠲᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠬᠤᠳᠠ ᠶᠢᠨ ᠠᠮᠤᠷ ᠲᠦᠪᠰᠢᠨ ᠢᠶᠠᠷ ᠠᠵᠢᠯᠯᠠᠬᠤ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ ᠭᠡᠷ ᠪᠠᠶᠢᠰᠢᠩ ᠬᠤᠳᠠ ᠶᠢᠨ ᠶᠠᠪᠤᠳᠠᠯ ᠤᠨ ᠢᠨᠵᠧᠨᠧᠷᠢᠩ ᠤᠨ ᠠᠮᠤᠷ ᠲᠦᠪᠰᠢᠨ ᠤ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠡᠷᠭᠦᠭᠦᠯ ᠮᠠᠰᠢᠨ᠂ ᠴᠠᠬᠤᠯᠠᠭᠤᠷ᠂ ᠴᠦᠩᠭᠦᠯ ᠵᠡᠷᠭᠡ ᠶᠢᠨ ᠠᠮᠤᠷ ᠲᠦᠪᠰᠢᠨ ᠤ ᠪᠠᠶᠢᠴᠠᠭᠠᠯᠲᠠ ᠶᠢ ᠴᠢᠩᠭᠠᠳᠬᠠᠵᠤ᠂ ᠬᠦᠨᠳᠦ ᠶᠡᠭᠡ ᠤᠨᠴᠠ ᠶᠡᠭᠡ ᠠᠳᠡᠯ ᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ᠃ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ ᠂ ᠪᠣᠷᠣᠭᠠᠨ ᠤ ᠪᠠᠶᠢᠳᠠᠯ ᠤᠰᠤᠨ ᠤ ᠪᠠᠶᠢᠳᠠᠯ ᠦᠶᠡᠷ ᠤᠨ ᠪᠠᠶᠢᠳᠠᠯ ᠢ ᠨᠢᠭᠲᠠ ᠬᠢᠨᠠᠨ ᠬᠡᠮᠵᠢᠵᠦ᠂ ᠬᠤᠲᠠ ᠶᠢᠨ ᠦᠶᠡᠷ ᠢ ᠰᠡᠷᠭᠡᠶᠢᠯᠡᠬᠦ ᠂ ᠪᠠᠴᠢᠮ ᠪᠠᠶᠢᠳᠠᠯ ᠢ ᠠᠷᠭᠠᠴᠠᠭᠠᠵᠤ᠂ ᠠᠶᠤᠯ ᠠᠴᠠ ᠠᠪᠤᠷᠠᠬᠤ ᠪᠡᠯᠡᠳᠬᠡᠯ ᠲᠥᠰᠦᠯ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠬᠦᠴᠦᠨ ᠪᠠ ᠡᠳ᠋ ᠪᠣᠳᠠᠰ ᠤᠨ ᠨᠥᠭᠡᠴᠡᠯᠡᠯᠲᠡ ᠶᠢ ᠴᠢᠩᠭᠠᠳᠬᠠᠨ᠂ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠪᠠ ᠵᠢᠵᠢᠭᠦᠷᠯᠡᠨ ᠰᠠᠬᠢᠬᠤ ᠶᠢ ᠴᠢᠩᠳᠠᠯᠠᠵᠤ᠂ ᠤᠷᠢᠳᠴᠢᠯᠠᠨ ᠰᠡᠷᠡᠮᠵᠢᠯᠡᠭᠦᠯᠬᠦ ᠴᠤᠤᠷᠢᠶᠠᠳᠤᠨ ᠲᠠᠭᠠᠬᠤ  ᠬᠠᠮᠲᠤᠷᠠᠨ ᠬᠥᠳᠡᠯᠦᠯᠴᠡᠬᠦ ᠲᠣᠭᠲᠠᠴᠠ ᠶᠢ ᠨᠠᠶᠢᠳᠠᠪᠤᠷᠢᠵᠢᠭᠤᠯᠤᠨ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠰᠠᠬᠢᠬᠤ ᠬᠡᠷᠡᠭᠲᠡᠶ ᠭᠡᠵᠦ ᠱᠠᠭᠠᠷᠳᠠᠪᠠ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠤᠯᠤᠰ ᠲᠦᠷᠦ ᠶᠢᠨ ᠲᠣᠪᠴᠢᠶᠠᠨ ᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠺᠠᠳ᠋ᠷᠴᠤᠳ ᠤᠨ ᠨᠡᠩ ᠰᠠᠶᠢᠨ ᠢᠶᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠦᠨᠡᠨ ᠬᠦ ᠠᠳᠬᠤᠨ ᠪᠣᠳᠠᠲᠠᠢ ᠠᠵᠢᠯᠯᠠᠬᠤ ᠶᠢ ᠵᠣᠷᠢᠭᠵᠢᠭᠤᠯᠵᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠳᠤ ᠪᠣᠳᠠᠲᠠᠢ ᠠᠰᠢᠭ ᠬᠦᠷᠳᠡᠭᠡᠬᠦ ᠂ ᠬᠥᠭᠵᠢᠯᠲᠡ ᠶᠢᠨ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠬᠡᠯᠪᠡᠷᠢᠴᠢ ᠦᠵᠡᠯ ᠤᠨ ᠢᠨᠧᠷᠼᠢ ᠶᠢᠨ ᠰᠡᠳᠬᠢᠬᠦᠢ ᠶᠢ ᠬᠦᠴᠦᠲᠡᠢ ᠬᠤᠪᠢᠷᠠᠭᠤᠯᠵᠤ᠂ ᠬᠡᠯᠪᠡᠷᠢᠴᠢ ᠦᠵᠡᠯ ᠢ ᠰᠡᠷᠭᠡᠶᠢᠯᠡᠨ ᠵᠠᠰᠠᠬᠤ ᠶᠢ ᠲᠦᠷᠦ ᠶᠢᠨ ᠪᠤᠳᠤᠯᠭ᠎ᠠ ᠲᠣᠭᠲᠠᠭᠠᠬᠤ᠂ ᠡᠭᠦᠷᠭᠡ ᠪᠠᠶᠢᠷᠢᠯᠠᠭᠤᠯᠬᠤ᠂ ᠱᠠᠯᠠᠪᠳᠠᠭᠤᠯᠤᠨ ᠨᠠᠶᠢᠳᠠᠪᠤᠷᠢᠵᠢᠭᠤᠯᠬᠤ᠂ ᠬᠢᠨᠠᠨ ᠰᠢᠯᠭᠠᠵᠤ ᠪᠠᠶᠢᠴᠠᠭᠠᠬᠤ᠂ ᠬᠠᠷᠢᠭᠤᠴᠠᠯᠭ᠎ᠠ ᠨᠡᠬᠡᠮᠵᠢᠯᠡᠬᠦ᠂ ᠱᠠᠩᠨᠠᠵᠤ ᠲᠣᠷᠭᠠᠬᠤ ᠵᠡᠷᠭᠡ ᠪᠦᠬᠦ ᠬᠡᠯᠬᠢᠶ᠎ᠡ ᠳᠤ ᠲᠤᠭᠤᠰᠢᠯᠠᠭᠤᠯᠵᠤ᠂ ᠪᠢᠴᠢᠭ ᠮᠠᠲ᠋ᠧᠷᠢᠶᠠᠯ ᠬᠤᠷᠠᠯ ᠴᠤᠭᠯᠠᠭ᠎ᠠ ᠤᠯᠠᠰᠢᠷᠠᠬᠤ᠂ ᠬᠡᠲᠦᠷᠡᠲᠡᠯ᠎ᠡ ᠣᠷᠣ ᠮᠥᠷ ᠦᠯᠡᠳᠡᠭᠡᠬᠦ᠂ ᠱᠠᠳᠤ ᠱᠠᠳᠤ ᠪᠠᠷ ᠱᠠᠭᠠᠷᠳᠠᠯᠭ᠎ᠠ ᠨᠡᠮᠡᠬᠦ᠂ ︽ᠬᠤᠷᠤᠭᠤᠨ ᠦᠵᠦᠭᠦᠷ ᠲᠠᠬᠢ ᠬᠡᠯᠪᠡᠷᠢᠴᠢ ᠦᠵᠡᠯ ︾ ᠵᠡᠷᠭᠡ ᠲᠤᠪᠤᠶᠢᠮ᠎ᠠ ᠠᠰᠠᠭᠤᠳᠠᠯ ᠢ ᠶᠡᠭᠡ ᠪᠠᠷ ᠰᠢᠢᠳᠪᠦᠷᠢᠯᠡᠬᠦ ᠬᠡᠷᠡᠭᠲᠡᠢ᠃ ᠲᠦᠪ ᠤᠨ ᠲᠤᠭᠲᠠᠭᠠᠯ ᠢ ᠪᠠᠷᠢᠮᠵᠢᠶᠠᠯᠠᠨ ᠬᠠᠷᠭᠤᠭᠤᠯᠵᠤ᠂ ᠠᠵᠢᠯ ᠤᠨ ᠶᠠᠪᠤᠴᠠ ᠪᠠᠨ ᠤᠯᠠᠮ ᠨᠢᠭᠡ ᠠᠯᠬᠤᠮ ᠰᠢᠯᠢᠳᠡᠭᠵᠢᠭᠦᠯᠦᠨ᠂  ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠡᠯ᠎ᠡ ᠵᠦᠢᠯ ᠤᠨ ᠳᠠᠷᠤᠭᠠᠰᠤ ᠶᠢ ᠬᠥᠩᠭᠡᠷᠡᠭᠦᠯᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠢ ᠪᠠᠶᠢᠩᠭᠤᠵᠢᠭᠤᠯᠬᠤ᠂ ᠣᠷᠳᠣ ᠬᠤᠭᠤᠴᠠᠭ᠎ᠠ ᠪᠦᠲᠦᠮᠵᠢᠲᠡᠶ ᠪᠣᠯᠭᠠᠬᠤ᠂ ᠳᠦᠷᠢᠮᠵᠢᠭᠦᠯᠬᠦ ᠶᠢ ᠠᠬᠢᠭᠤᠯᠤᠨ᠎ᠠ᠃ ᠳᠠᠷᠤᠭᠠᠰᠤ ᠶᠢ ᠬᠥᠩᠭᠡᠷᠡᠭᠦᠯᠬᠦ ᠪᠠ ᠡᠨᠧᠷᠬᠢ ᠣᠯᠭᠤᠬᠤ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ᠲᠤᠰᠬᠠᠢ ᠲᠣᠭᠲᠠᠴᠠ ᠶᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠ ᠲᠦᠷᠦᠭᠦᠯᠡᠨ ᠶᠡᠷᠦᠩᠬᠡᠶᠢᠯᠡᠨ ᠠᠳᠬᠤᠬᠤ ᠦᠢᠯᠡᠳᠦᠯ ᠢ ᠪᠠᠳᠠᠷᠠᠭᠤᠯᠵᠤ᠂ ᠬᠥᠩᠭᠡᠷᠡᠭᠦᠯᠬᠦ ᠶᠣᠰᠣᠲᠠᠢ ᠶᠢ ᠨᠢ ᠪᠣᠳᠠᠲᠠᠢ ᠨᠠᠶᠢᠳᠠᠪᠤᠷᠢᠵᠢᠭᠤᠯᠵᠤ᠂ ᠠᠳᠬᠤᠬᠤ ᠶᠣᠰᠣᠲᠠᠢ ᠶᠢ ᠨᠢ ᠠᠳᠬᠤᠵᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠪᠠ ᠴᠢᠨᠠᠷ ᠰᠠᠶᠢᠲᠠᠢ ᠬᠥᠭᠵᠢᠯᠲᠡ ᠶᠢ ᠬᠠᠷᠢᠯᠴᠠᠨ ᠠᠬᠢᠭᠤᠯᠵᠤ᠂ ᠬᠠᠷᠢᠯᠴᠠᠨ ᠳᠣᠪᠤᠶᠢᠯᠭᠠᠬᠤ ᠶᠢ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃
W020240805345509062993.jpg
    ᠬᠤᠷᠠᠯ ᠠᠴᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ ᠶᠢ ᠬᠡᠷᠡᠭᠵᠢᠭᠦᠯᠬᠦ ᠲᠦᠷᠢᠮ︾ ᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠡᠭᠦᠷᠭᠡ ᠪᠣᠯᠭᠠᠵᠤ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠰᠤᠷᠤᠯᠴᠠᠯᠭ᠎ᠠ ᠳᠤ ᠣᠷᠣᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠬᠥᠮᠦᠵᠢᠯ ᠪᠤᠯᠪᠠᠰᠤᠷᠠᠯ ᠤᠨ ᠵᠠᠪᠠᠯ ᠰᠤᠷᠬᠤ ᠬᠢᠴᠢᠶᠡᠯ ᠳᠤ ᠣᠷᠣᠭᠤᠯᠤᠨ᠂ ᠣᠯᠠᠨ ᠲᠠᠰ ᠳᠠᠪᠬᠤᠷᠭ᠎ᠠ᠂ ᠪᠣᠰᠤᠭ᠎ᠠ ᠴᠣᠭᠴᠠᠲᠤ᠂ ᠪᠥᠬᠦ ᠲᠠᠯ᠎ᠠ ᠶᠢᠨ ᠤᠬᠠᠭᠤᠯᠭ᠎ᠠ ᠬᠥᠮᠦᠵᠢᠯ ᠢ ᠥᠷᠨᠢᠭᠦᠯᠵᠦ᠂ ᠤᠳᠤᠷᠢᠳᠬᠤ ᠺᠠᠳ᠋ᠷ᠂ ᠨᠢᠭᠤᠴᠠ ᠳᠤ ᠬᠤᠯᠪᠣᠭᠳᠠᠬᠤ ᠬᠥᠮᠦᠰ ᠤᠨ ᠬᠥᠮᠦᠵᠢᠯ ᠪᠤᠯᠪᠠᠰᠤᠷᠠᠯ ᠢ ᠲᠣᠪᠤᠶᠢᠮ᠎ᠠ ᠰᠠᠶᠢᠲᠤᠷ ᠠᠳᠬᠤᠵᠤ᠂ ᠨᠢᠭᠤᠴᠠ ᠶᠢ ᠬᠠᠮᠠᠭᠠᠯᠠᠬᠤ ᠤᠬᠠᠮᠰᠠᠷ ᠢᠶᠠᠨ ᠲᠠᠰᠤᠷᠠᠯᠲᠠ ᠥᠬᠡᠶ ᠴᠢᠩᠭᠠᠳᠬᠠᠵᠤ᠂ ᠨᠢᠭᠤᠴᠠ ᠶᠢ ᠬᠠᠮᠠᠭᠠᠯᠠᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ᠃ ᠨᠢᠭᠤᠴᠠ ᠶᠢ ᠬᠠᠮᠠᠭᠠᠯᠠᠬᠤ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ᠲᠦᠷᠢᠮ ᠲᠠᠢ ᠬᠠᠷᠢᠯᠴᠠᠨ ᠨᠢᠭᠡᠳᠦᠯᠲᠡᠶ᠂ ᠵᠣᠯᠭᠠᠯᠳᠤᠭᠰᠠᠨ᠂ ᠬᠠᠷᠢᠯᠴᠠᠨ ᠢᠵᠢ ᠪᠥᠷᠢᠳᠦᠭᠰᠡᠨ ᠨᠢᠭᠤᠴᠠ ᠶᠢ ᠬᠠᠮᠠᠭᠠᠯᠠᠬᠤ ᠲᠦᠷᠢᠮ ᠲᠣᠭᠲᠠᠭᠠᠯ ᠢ ᠤᠯᠠᠮ ᠨᠢᠭᠡ ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠵᠦ᠂ ᠨᠢᠭᠤᠴᠠ ᠶᠢ ᠬᠠᠮᠠᠭᠠᠯᠠᠬᠤ ᠲᠦᠷᠢᠮ ᠤᠨ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠬᠡᠷᠡᠭᠲᠡᠶ᠃ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠨᠢᠭᠤᠴᠠ ᠳᠤ ᠬᠤᠯᠪᠣᠭᠳᠠᠬᠤ ᠬᠥᠮᠦᠰ᠂ ᠨᠢᠭᠤᠴᠠ ᠳᠤ ᠬᠤᠯᠪᠣᠭᠳᠠᠬᠤ ᠠᠴᠢᠶᠠᠯᠠᠪᠤᠷᠢ᠂ ᠨᠢᠭᠤᠴᠠ ᠳᠤ ᠬᠤᠯᠪᠣᠭᠳᠠᠬᠤ ᠪᠢᠴᠢᠭ ᠮᠠᠲ᠋ᠧᠷᠢᠶᠠᠯ᠂ ᠨᠢᠭᠤᠴᠠ ᠳᠤ ᠬᠤᠯᠪᠣᠭᠳᠠᠬᠤ ᠲᠠᠯᠠᠪᠤᠷ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠮᠡᠷᠭᠡᠵᠢᠯ ᠤᠨ ᠬᠠᠮᠢᠶᠠᠷᠤᠯᠲᠠ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ᠪᠥᠬᠦ ᠲᠠᠯ᠎ᠠ ᠪᠠᠷ ᠬᠠᠮᠢᠶᠠᠷᠤᠨ ᠡᠵᠡᠮᠳᠡᠬᠦ᠂ ᠪᠥᠬᠦ ᠠᠵᠢᠯᠳᠠᠨ ᠢ ᠬᠠᠮᠢᠶᠠᠷᠬᠤ᠂ ᠪᠥᠬᠦ ᠶᠠᠪᠤᠴᠠ ᠪᠠᠷ ᠬᠢᠨᠠᠨ ᠬᠠᠮᠢᠶᠠᠷᠬᠤ ᠶᠢ ᠪᠡᠶᠡᠯᠡᠭᠦᠯᠵᠦ᠂ ᠨᠢᠭᠤᠴᠠ ᠶᠢ ᠵᠠᠳᠠᠷᠠᠭᠤᠯᠬᠤ ᠲᠦᠭᠰᠢᠭᠦᠷᠢ ᠶᠢ ᠦᠨᠡᠨ ᠬᠦ ᠠᠷᠢᠯᠭᠠᠬᠤ ᠬᠡᠷᠡᠭᠲᠡᠶ ᠭᠡᠵᠤ ᠱᠠᠭᠠᠷᠳᠠᠪᠠ᠃    ᠬᠤᠷᠠᠯ ᠠᠴᠠ᠂ ᠰᠠᠶ᠋ᠢᠬᠠᠨ ᠲᠡᠭᠦᠰᠦᠭᠰᠡᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠨᠠᠢᠮᠠᠳᠤᠭᠠᠷ ᠪᠦᠬᠦᠳᠡ ᠬᠤᠷᠠᠯ ᠪᠣᠯ ᠪᠦᠬᠦ ᠣᠷᠣᠨ ᠢᠶᠠᠷ ᠢᠶᠠᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠥᠪᠥᠷ ᠮᠣᠩᠭᠤᠯ ᠤᠨ ᠦᠢᠯᠡᠳᠦᠯᠭᠡ ᠶᠢ ᠠᠬᠢᠭᠤᠯᠬᠤ ᠵᠠᠩᠭᠢᠯᠠᠭ᠎ᠠ ᠶᠢᠨ ᠴᠠᠭ ᠮᠥᠴᠡ ᠳᠤ ᠬᠤᠷᠠᠯᠳᠤᠭᠰᠠᠨ ᠨᠢᠭᠡ ᠤᠳᠠᠭ᠎ᠠ ᠶᠢᠨ ᠲᠦᠢᠯ ᠤᠨ ᠴᠢᠬᠤᠯᠠ ᠬᠤᠷᠠᠯ ᠪᠣᠯᠤᠨ᠎ᠠ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠪᠣᠯᠤᠨ ᠲᠥᠪ ᠤᠨ ᠨᠠᠮ ᠤᠨ ᠭᠠᠳᠠᠨᠠᠬᠢ ᠬᠥᠮᠦᠰ ᠤᠨ ᠶᠠᠷᠢᠯᠴᠠᠭᠠᠨ ᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠢᠭᠡ ᠴᠤᠬᠴᠠᠵᠢᠭᠤᠯᠤᠨ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶᠠᠨ ᠤ ᠣᠳᠣᠬᠠᠨ ᠤ ᠠᠵᠤ ᠠᠬᠤᠢ ᠶᠢᠨ ᠪᠠᠶᠢᠳᠠᠯ ᠢ ᠰᠤᠳᠤᠯᠤᠨ ᠮᠠᠭᠠᠳᠯᠠᠬᠤ ᠶᠢ ᠣᠨᠣᠪᠴᠢᠲᠠᠢ ᠡᠵᠡᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠦᠬᠦᠳᠡ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠪᠠᠷᠢᠮᠵᠢᠶᠠᠯᠠᠨ ᠨᠠᠶᠢᠳᠠᠪᠤᠷᠢᠵᠢᠭᠤᠯᠵᠤ᠂ ᠤᠬᠠᠮᠰᠠᠷ ᠠᠴᠠ ᠪᠠᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠣᠷᠣᠨ ᠰᠠᠭᠤᠴᠠ ᠪᠠ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠪᠠᠶᠢᠷᠢᠰᠢᠯ ᠢ ᠣᠨᠣᠪᠴᠢᠲᠠᠢ ᠡᠷᠢᠨ ᠣᠯᠵᠤ᠂ ᠥᠭᠡᠷᠡᠴᠢᠯᠡᠯᠲᠡ ᠬᠢᠵᠦ ᠵᠠᠮ ᠨᠡᠭᠡᠭᠡᠬᠦ᠂ ᠰᠢᠨ᠎ᠡ ᠶᠢ ᠡᠭᠦᠳᠬᠦ ᠡᠷᠴᠢ ᠵᠣᠷᠢᠭ ᠢᠶᠠᠨ ᠭᠦᠢᠴᠡᠳ ᠪᠠᠳᠠᠷᠠᠭᠤᠯᠵᠤ᠂ ᠡᠷᠡᠯᠬᠡᠭᠯᠡᠨ ᠲᠡᠮᠡᠴᠡᠵᠦ᠂ ᠣᠷᠣᠨ ᠰᠠᠭᠤᠴᠠ ᠪᠠ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠬᠦᠷᠢᠶᠡᠨ ᠤ ᠡᠯ᠎ᠡ ᠵᠦᠢᠯ ᠤᠨ ᠠᠵᠢᠯ ᠤᠨ ︽ᠲᠡᠷᠢᠭᠦᠨ ᠪᠣᠯᠬᠤ ᠪᠠᠷ ᠴᠢᠷᠮᠠᠶᠢᠬᠤ︾ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃    ᠬᠤᠷᠠᠯ ᠠᠴᠠ᠂ ᠥᠭᠡᠷᠡᠴᠢᠯᠡᠯᠲᠡ ᠶᠢᠨ ᠵᠠᠩᠭᠢᠯᠠᠭ᠎ᠠ ᠶᠢᠨ ᠠᠷᠭ᠎ᠠ ᠶᠢ ᠰᠠᠶᠢᠲᠤᠷ ᠬᠡᠷᠡᠭᠯᠡᠵᠦ᠂ ᠣᠷᠣᠨ ᠰᠠᠭᠤᠴᠠ ᠪᠠ ᠬᠤᠳᠠ ᠬᠦᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠭᠤᠤᠯᠳᠠᠯᠭ᠎ᠠ  ᠲᠠᠢ ᠂ ᠬᠦᠴᠢᠷᠳᠡᠯ  ᠲᠠᠢ ᠂ ᠲᠦᠭᠵᠢᠷᠡᠯ ᠲᠠᠢ ᠴᠡᠭ ᠢ ᠴᠢᠩᠭ᠎ᠠ ᠠᠳᠬᠤᠨ ᠪᠣᠭᠤᠮᠲᠠ ᠰᠢᠪᠲᠤᠯᠵᠤ ᠬᠠᠷᠰᠢ ᠰᠠᠭᠠᠳ ᠢ ᠠᠷᠢᠯᠭᠠᠬᠤ ᠠᠷᠭ᠎ᠠ ᠬᠡᠮᠵᠢᠶ᠎ᠡ ᠶᠢ ᠲᠥᠯᠥᠪᠵᠢᠭᠦᠯᠦᠨ ᠬᠡᠷᠡᠭᠵᠢᠭᠦᠯᠵᠦ᠂ ᠬᠤᠲᠠ ᠪᠠ ᠬᠥᠳᠡᠭᠡ ᠶᠢ ᠠᠭᠤᠰᠤᠯᠴᠠᠭᠤᠯᠬᠤ᠂ ᠬᠤᠲᠠ ᠶᠢᠨ ᠰᠢᠨᠡᠴᠢᠯᠡᠯᠳᠡ᠂ ᠬᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ᠂ ᠪᠠᠷᠢᠯᠭ᠎ᠠ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠵᠡᠷᠭᠡ ᠭᠤᠤᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ  ᠶᠢ ᠭᠦᠨᠵᠡᠭᠡᠶ ᠠᠬᠢᠭᠤᠯᠬᠤ ᠬᠡᠷᠡᠭᠲᠡᠶ᠃ ᠬᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠲᠦᠷᠭᠡᠳᠬᠡᠨ ᠪᠠᠶᠢᠭᠤᠯᠵᠤ᠂ ︽ᠪᠠᠲᠤᠯᠠᠭ᠎ᠠ + ᠵᠠᠬ᠎ᠠ ᠳᠡᠯᠭᠡᠭᠦᠷ︾ ᠤᠨ ᠣᠷᠣᠨ ᠰᠠᠭᠤᠴᠠ ᠶᠢᠨ ᠬᠠᠩᠭᠠᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ︽ᠬᠠᠳᠠᠭᠠᠯᠠᠯᠲᠠ ᠶᠢᠨ ᠬᠡᠮᠵᠢᠶ᠎ᠡ ᠶᠢ ᠪᠠᠭᠠᠰᠬᠠᠬᠤ᠂ ᠨᠡᠮᠡᠭᠳᠡᠯ ᠤᠨ ᠬᠡᠮᠵᠢᠶ᠎ᠡ ᠶᠢ ᠰᠢᠯᠢᠳᠡᠭᠵᠢᠭᠦᠯᠬᠦ︾ ᠬᠠᠮ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠵᠢᠭᠦᠯᠵᠦ᠂ ᠪᠠᠳᠤᠯᠠᠭᠠᠳᠤ ᠲᠤᠰᠢᠶᠠᠬᠤ ᠠᠰᠠᠷ᠂ ᠪᠠᠳᠤᠯᠠᠭᠠᠳᠤ ᠲᠤᠰᠢᠶᠠᠬᠤ ᠬᠡᠷ ᠪᠠᠶᠢᠰᠢᠩ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃ ᠪᠡᠯᠡᠨ ᠬᠡᠷ ᠪᠠᠶᠢᠰᠢᠩ ᠢ ᠪᠣᠷᠣᠯᠠᠭᠤᠯᠬᠤ ᠲᠤᠷᠰᠢᠯᠲᠠ ᠶᠢᠨ ᠴᠡᠭ ᠤᠨ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ ᠬᠠᠭᠤᠯᠪᠤᠷᠢᠯᠠᠵᠤ ᠪᠣᠯᠬᠤ ᠳᠡᠯᠭᠡᠷᠡᠭᠦᠯᠵᠦ ᠪᠣᠯᠬᠤ ᠨᠡᠶᠢᠲᠡᠯᠢᠭ ᠲᠤᠷᠰᠢᠯᠭ᠎ᠠ ᠶᠢ ᠳ᠋ᠦᠩᠨᠡᠨ ᠪᠣᠶ ᠪᠣᠯᠭᠠᠬᠤ ᠶᠢᠨ ᠬᠠᠮᠲᠤ ᠠᠯᠬᠤᠮ ᠠᠯᠬᠤᠮ ᠢᠶᠠᠷ ᠳᠡᠯᠭᠡᠷᠡᠭᠦᠯᠬᠦ ᠬᠡᠷᠡᠭᠲᠡᠶ᠃ ︽ᠰᠠᠶᠢᠨ ᠭᠡᠷ ᠪᠠᠶᠢᠰᠢᠩ︾ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠶ ᠪᠠᠷ ᠰᠤᠳᠤᠯᠤᠨ ᠠᠬᠢᠭᠤᠯᠵᠤ᠂ ᠳᠡᠭᠡᠳᠦ ᠲᠠᠰ ᠤᠨ ᠵᠠᠬ᠎ᠠ ᠳᠡᠯᠭᠡᠭᠦᠷ ᠲᠠᠢ᠂ ᠳᠣᠤᠷ᠎ᠠ ᠲᠠᠰ ᠤᠨ ᠪᠠᠲᠤᠯᠠᠭ᠎ᠠ ᠲᠠᠢ᠂ ᠣᠯᠠᠨ ᠳᠡᠰ ᠳᠠᠪᠬᠤᠷᠭ᠎ᠠ   ᠲᠠᠢ᠂ ᠵᠦᠢ ᠵᠣᠬᠢᠰᠲᠠᠶ ᠣᠷᠣᠨ ᠰᠠᠭᠤᠴᠠ ᠶᠢᠨ ᠬᠠᠩᠭᠠᠯᠭ᠎ᠠ ᠪᠣᠯᠤᠨ ᠪᠠᠲᠤᠯᠠᠭ᠎ᠠ ᠶᠢᠨ ᠰᠢᠰᠲ᠋ᠧᠮᠵᠢ ᠶᠢ ᠬᠦᠴᠦᠯᠡᠨ ᠪᠣᠶ ᠪᠣᠯᠭᠠᠬᠤ ᠬᠡᠷᠡᠭᠲᠡᠶ᠃ ᠪᠠᠷᠢᠯᠭ᠎ᠠ ᠶᠢᠨ ᠦᠢᠯᠡᠰ ᠤᠨ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠠᠷᠢᠯᠭ᠎ᠠ ᠶᠢᠨ ᠦᠢᠯᠡᠰ ᠤᠨ ︽ᠭᠤᠷᠪᠠᠨᠵᠢᠯᠳᠠ︾ ᠶᠢᠨ ᠠᠭᠤᠰᠤᠯᠴᠠᠨ ᠬᠥᠭᠵᠢᠬᠦ ᠶᠢ ᠲᠦᠷᠭᠡᠳᠬᠡᠨ ᠠᠬᠢᠭᠤᠯᠵᠤ᠂ ᠪᠠᠷᠢᠯᠭ᠎ᠠ ᠶᠢᠨ ᠠᠵᠤ ᠦᠢᠯᠡᠰ ᠤᠨ ᠢᠨᠲ᠋ᠧᠷ ᠰᠦᠯᠵᠢᠶᠡᠨ ᠤ ᠲᠠᠪᠴᠠᠩ ᠤᠨ ᠴᠢᠳᠠᠮᠵᠢ ᠶᠢ ᠤᠷᠲᠤᠳᠬᠠᠨ ᠥᠷᠭᠡᠳᠬᠡᠵᠦ᠂ ᠪᠥᠬᠦ ᠣᠷᠣᠨ ᠢ ᠬᠠᠮᠤᠷᠤᠭᠰᠠᠨ᠂ ᠪᠥᠬᠦ ᠤᠯᠤᠰ ᠢ ᠨᠥᠯᠥᠭᠡᠯᠡᠭᠰᠡᠨ ᠪᠠᠷᠢᠯᠭ᠎ᠠ ᠶᠢᠨ ᠦᠢᠯᠡᠰ ᠤᠨ ︽ᠲᠤᠤ ᠪᠦᠦ︾ ᠶᠢ ᠪᠠᠶᠢᠭᠤᠯᠵᠤ ᠂ ᠪᠠᠷᠢᠯᠭ᠎ᠠ ᠶᠢᠨ ᠦᠢᠯᠡᠰ ᠤᠨ ᠶᠡᠷᠦᠩᠬᠡᠶ ᠥᠷᠲᠡᠭ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠪᠥᠬᠦ ᠣᠷᠣᠨ ᠤ ᠠᠵᠤ ᠠᠬᠤᠶ ᠶᠢᠨ ᠶᠡᠭᠡ ᠲᠠᠯ᠎ᠠ ᠶᠢ ᠲᠣᠭᠲᠠᠪᠤᠷᠢᠵᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠶ᠃ ︽ᠬᠤᠶᠠᠷ ᠢ ᠴᠢᠬᠤᠯᠠᠴᠢᠯᠠᠬᠤ︾ ︽ᠬᠤᠶᠠᠷ ᠰᠢᠨ᠎ᠡ︾ ᠶᠢᠨ ᠲᠥᠷᠥ ᠶᠢᠨ ᠪᠣᠳᠣᠯᠭ᠎ᠠ ᠶᠢᠨ ᠦᠢᠯᠡᠳᠦᠯ ᠢ ᠪᠠᠳᠠᠷᠠᠭᠤᠯᠵᠤ᠂ ᠬᠦᠷᠢᠶ᠎ᠡ ᠬᠡᠪᠴᠢᠶ᠎ᠡ ᠪᠠᠨ ᠥᠷᠭᠡᠳᠬᠡᠬᠦ᠂ ᠲᠥᠷᠥ ᠶᠢᠨ ᠪᠣᠳᠣᠯᠭ᠎ᠠ ᠶᠢᠨ ᠬᠤᠷᠠᠮᠠᠯ᠂ ᠪᠠᠷᠢᠮᠵᠢᠶ᠎ᠠ ᠪᠠᠷ ︽ᠬᠠᠮ ᠨᠢᠳᠤᠷᠭ᠎ᠠ︾ ᠬᠥᠲᠥᠯᠥᠨ ᠳᠠᠭᠠᠭᠤᠯᠬᠤ ᠶᠢ ᠰᠠᠶᠢᠲᠤᠷ ᠬᠢᠵᠦ᠂ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠵᠦ ᠨᠡᠮᠡᠭᠳᠡᠯ ᠤᠨ ᠬᠡᠮᠵᠢᠶ᠎ᠡ ᠶᠢ ᠦᠷᠭᠡᠳᠭᠡᠨ ᠠᠬᠢᠭᠤᠯᠵᠤ᠂ ᠨᠢᠭᠡ ᠪᠦᠯᠦᠭ ᠣᠯᠠᠨ ᠲᠦᠮᠡᠨ ᠤ ᠰᠡᠷᠡᠵᠦ ᠮᠡᠳᠡᠬᠦ ᠬᠥᠭᠵᠢᠯᠲᠡ ᠶᠢᠨ ᠢᠨᠵᠧᠨᠧᠷᠢᠩ᠂ ᠠᠷᠠᠳ ᠤᠨ ᠠᠮᠢᠳᠤᠷᠠᠯ  ᠤᠨ ᠢᠨᠵᠧᠨᠧᠷᠢᠩ᠂ ᠠᠮᠤᠷ ᠲᠦᠪᠰᠢᠨ ᠤ ᠢᠨᠵᠧᠨᠧᠷᠢᠩ ᠢ ᠰᠠᠶᠢᠲᠤᠷ ᠡᠷᠭᠢᠯᠡᠬᠦ ᠬᠡᠷᠡᠭᠲᠡᠶ᠃ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠮᠢ ᠠᠬᠤᠢ ᠶᠢᠨ ᠣᠷᠴᠢᠨ ᠲᠣᠭᠤᠷᠢᠨ ᠤ ᠠᠰᠠᠭᠤᠳᠠᠯ ᠢ ᠶᠡᠬᠡᠪᠡᠷ ᠵᠢᠭᠰᠠᠭᠠᠨ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ ᠶᠢ ᠴᠢᠩᠭ᠎ᠠ ᠵᠣᠬᠢᠶᠠᠨ ᠪᠠᠶᠢᠭᠤᠯᠵᠤ᠂ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ᠂ ᠲᠤᠬᠠᠢ ᠶᠢᠨ ᠲᠠᠯᠠᠪᠤᠷ ᠲᠤ ᠰᠢᠮᠳᠠᠭᠤᠯᠤᠨ ᠰᠢᠢᠳᠪᠦᠷᠢᠯᠡᠬᠦ ᠶᠢ ᠪᠠᠶᠢᠩᠭᠤᠵᠢᠭᠤᠯᠤᠨ ᠥᠷᠨᠢᠭᠦᠯᠵᠦ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠤ ᠠᠮᠢ ᠠᠬᠤᠢ ᠶᠢᠨ ᠣᠷᠴᠢᠨ ᠲᠣᠭᠤᠷᠢᠨ ᠤ ᠲᠤᠳᠠᠭᠳᠠᠯ  ᠢ ᠲᠦᠷᠭᠡᠨ ᠨᠥᠬᠦᠪᠥᠷᠢᠯᠡᠬᠦ ᠬᠡᠷᠡᠭᠲᠡᠢ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠢᠰᠲ᠋ᠧᠮ ᠤᠨ ᠠᠶᠤᠯᠭᠦᠢ ᠦᠢᠯᠡᠳᠪᠦᠷᠢᠯᠡᠯ  ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠬᠤᠳᠠ ᠪᠠᠯᠭᠠᠰᠤᠨ ᠤ ᠰᠢᠲᠠᠮᠠᠬᠠᠢ ᠬᠡᠢ᠂ ᠬᠤᠳᠠ ᠶᠢᠨ ᠦᠶᠡᠷ ᠢ ᠰᠡᠷᠭᠡᠶᠢᠯᠡᠬᠦ᠂ ᠪᠠᠷᠢᠯᠭ᠎ᠠ ᠶᠢᠨ ᠠᠵᠢᠯ᠂ ᠦᠪᠡᠰᠦᠪᠠᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠢ ᠴᠡᠭᠴᠡᠯᠡᠨ ᠵᠠᠰᠠᠬᠤ᠂ ᠭᠠᠯ ᠤᠨᠲᠠᠷᠠᠭᠠᠬᠤ ᠬᠢᠨᠠᠨ ᠰᠢᠯᠭᠠᠯᠲᠠ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠵᠤ᠂ ᠨᠢᠭᠡ ᠣᠷᠣᠨ ᠪᠦᠰᠡ ᠶᠢᠨ ᠠᠮᠤᠷ ᠲᠦᠪᠰᠢᠨ ᠤ ᠬᠠᠮᠠᠭᠠᠯᠠᠯᠲᠠ ᠪᠠᠷ ᠪᠦᠬᠦ ᠣᠷᠣᠨ ᠤ ᠶᠡᠭᠡ ᠲᠠᠯ᠎ᠠ ᠶᠢᠨ ᠲᠣᠭᠲᠠᠭᠤᠨ ᠢ ᠬᠠᠮᠠᠭᠠᠯᠠᠬᠤ ᠬᠡᠷᠡᠭᠲᠡᠢ᠃ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢ ᠳᠡᠭᠡᠭᠰᠢᠯᠡᠭᠦᠯᠦᠨ ᠰᠢᠨ᠎ᠡ ᠶᠢ ᠡᠭᠦᠳᠬᠦ ᠦᠢᠯᠡᠴᠢᠯᠡᠭᠡᠨ ᠤ ᠲᠦᠪᠰᠢᠨ ᠢ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ᠵᠠᠬ᠎ᠠ ᠳᠡᠯᠭᠡᠭᠦᠷ ᠤᠨ ᠵᠢᠮ᠎ᠡ ᠶᠣᠰᠣ᠂ ᠵᠠᠬ᠎ᠠ ᠳᠡᠯᠭᠡᠭᠦᠷᠴᠢᠯᠡᠭᠰᠡᠨ ᠰᠡᠳᠬᠢᠬᠦᠢ ᠪᠠᠷ ᠠᠵᠢᠯ ᠢᠶᠠᠨ ᠠᠬᠢᠭᠤᠯᠵᠦ ᠴᠢᠳᠠᠪᠤᠷᠢ ᠪᠠᠨ ᠴᠢᠩᠭᠠᠳᠬᠠᠵᠤ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢᠶᠠᠷ ᠠᠵᠤ ᠠᠬᠤᠢ ᠶᠢᠨ ᠬᠥᠭᠵᠢᠯᠲᠡ ᠶᠢᠨ ᠲᠦᠪᠰᠢᠨ᠂ ᠨᠡᠶᠢᠭᠡᠮ ᠤᠨ ᠵᠠᠰᠠᠯᠲᠠ ᠶᠢᠨ ᠲᠦᠪᠰᠢᠨ᠂ ᠤᠯᠠᠨ ᠲᠦᠮᠡᠨ ᠳᠤ ᠦᠢᠯᠡᠴᠢᠯᠡᠬᠦ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠢ᠃ ᠥᠮᠴᠢᠲᠡᠨ ᠠᠴᠠ ᠪᠡᠯᠡ ᠮᠥᠩᠭᠦ ᠴᠤᠭᠯᠠᠭᠤᠯᠬᠤ᠂ ᠥᠪᠡᠰᠦᠪᠡᠨ ᠨᠤᠷᠠᠭᠠᠵᠤ ᠥᠪᠡᠰᠦᠪᠡᠨ ᠥᠭᠡᠷᠡᠴᠢᠯᠡᠬᠦ ᠰᠢᠨ᠎ᠡ ᠵᠠᠮ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠲᠤᠷᠰᠢᠯᠲᠠ ᠶᠢᠨ ᠠᠵᠢᠯ ᠢ ᠲᠦᠯᠬᠢᠨ ᠠᠬᠢᠭᠤᠯᠵᠤ᠂ ᠰᠠᠭᠤᠭᠠᠯᠢ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ︽ᠴᠢᠮ᠎ᠠ ᠪᠠᠷ ᠥᠭᠡᠷᠡᠴᠢᠯᠡᠭᠦᠯᠬᠦ︾ ᠪᠠᠶᠢᠭᠰᠠᠨ ᠠᠴᠠ ᠪᠠᠨ ︽ᠦᠪᠡᠷ ᠢᠶᠠᠨ ᠦᠭᠡᠷᠡᠴᠢᠯᠡᠬᠦ ︾ ᠪᠤᠯᠠᠭᠠᠨ ᠬᠤᠪᠢᠷᠠᠭᠤᠯᠵᠤ᠂ ᠥᠭᠡᠷᠡᠴᠢᠯᠡᠨ ᠰᠢᠨᠡᠳᠬᠡᠬᠦ ︽ᠲᠣᠭᠲᠠᠭᠠᠬᠤ ᠡᠷᠬᠡ︾ ᠶᠢ ᠰᠠᠭᠤᠭᠠᠯᠢ ᠠᠷᠠᠳ ᠤᠨ ᠲᠣᠭᠤᠷᠢᠭ ᠤᠨ ᠰᠠᠭᠤᠭᠠᠯᠢ ᠠᠷᠠᠳ ᠲᠤ ᠦᠨᠡᠨᠬᠦ ᠦᠭᠴᠦ᠂ ᠥᠮᠴᠢᠲᠡᠨ ᠰᠠᠨᠠᠭᠠᠴᠢᠯᠠᠭ᠎ᠠ ᠠᠴᠠ ᠪᠠᠨ ᠣᠷᠣᠯᠴᠠᠬᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠥᠷᠭᠡᠨ ᠢᠶᠠᠷ ᠳᠡᠮᠵᠢᠬᠦ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ ᠪᠥᠬᠦ ᠣᠷᠣᠨ ᠤ ᠣᠷᠣᠨ ᠰᠠᠭᠤᠴᠠ ᠳᠤ ᠠᠳᠠᠯ ᠠᠬᠤᠶ ᠶᠢ ᠨᠡᠶᠢᠳᠡᠮ ᠪᠦᠷᠬᠦᠭᠦᠯᠬᠦ ᠶᠠᠰᠤ ᠴᠢᠨᠠᠷ ᠢ ᠳᠡᠭᠡᠭᠰᠢᠯᠡᠭᠦᠯᠬᠦ ᠲᠤᠰᠬᠠᠶ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠣᠯᠠᠨ ᠲᠦᠮᠡᠨ ᠤ ᠪᠣᠳᠠᠲᠤ ᠬᠡᠷᠡᠭᠴᠡᠭᠡ ᠱᠠᠭᠠᠷᠳᠠᠯᠭ᠎ᠠ ᠪᠠ ᠠᠰᠢᠭ ᠲᠤᠰᠠ ᠳᠤ ᠦᠨᠡᠨ ᠬᠦ ᠠᠩᠬᠠᠷᠤᠯ ᠢᠶᠠᠨ ᠲᠥᠪᠯᠡᠷᠡᠭᠦᠯᠦᠨ᠂ ᠲᠤᠷᠰᠢᠯᠲᠠ ᠶᠢᠨ ᠴᠡᠭ ᠢᠶᠠᠷ ᠵᠢᠱᠢᠶ᠎ᠡ ᠦᠵᠡᠭᠦᠯᠬᠦ᠂ ᠦᠢᠯᠡᠴᠢᠯᠡᠭᠡᠨ ᠤ ᠰᠢᠨ᠎ᠡ ᠶᠢ ᠡᠭᠦᠳᠬᠦ᠂ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠵᠡᠷᠭᠡ ᠪᠦᠲᠦᠮᠵᠢᠲᠡᠶ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠬᠤᠲᠠ ᠶᠢᠨ ᠭᠤᠤᠯ ᠣᠷᠣᠨ ᠰᠠᠭᠤᠴᠠ ᠶᠢᠨ ᠰᠠᠭᠤᠭᠠᠯᠢ ᠠᠷᠠᠳ ᠤᠨ ᠲᠣᠭᠤᠷᠢᠭ ᠤᠨ ᠠᠳᠠᠯ ᠠᠬᠤᠶ ᠶᠢ ᠨᠡᠶᠢᠳᠡᠮ ᠪᠦᠷᠬᠦᠭᠦᠯᠬᠦ ᠶᠢ ᠪᠥᠬᠦ ᠲᠠᠯ᠎ᠠ ᠪᠠᠷ ᠠᠬᠢᠭᠤᠯᠵᠤ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠤᠭᠰᠠᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠵᠦ᠂ ᠬᠤᠶᠢᠰᠢᠳᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ  ᠶᠢ ᠲᠡᠭᠦᠯᠳᠡᠷᠵᠢᠭᠦᠯᠦᠨ᠂ ᠰᠠᠭᠤᠭᠠᠯᠢ ᠠᠷᠠᠳ ᠤᠨ ᠵᠣᠯ ᠵᠢᠷᠭᠠᠯᠲᠤ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠬᠦ ᠬᠡᠷᠡᠭᠲᠡᠶ ᠭᠡᠵᠤ ᠱᠠᠭᠠᠷᠳᠠᠪᠠ᠃    ᠬᠤᠷᠠᠯ ᠠᠴᠠ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠰᠠᠶᠢᠲᠤᠷ ᠠᠳᠬᠤᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠦᠬᠦ ᠲᠠᠯ᠎ᠠ ᠪᠠᠷ ᠲᠤᠳᠠᠭᠳᠠᠯ ᠢᠶᠠᠨ ᠪᠠᠶᠢᠴᠠᠭᠠᠨ ᠨᠥᠬᠦᠪᠥᠷᠢᠯᠡᠵᠦ᠂ ᠳ᠋ᠦᠩᠨᠡᠨ ᠳᠡᠭᠡᠭᠰᠢᠯᠡᠭᠦᠯᠵᠦ᠂ ᠨᠢᠭᠡ ᠪᠦᠯᠦᠭ ᠲᠣᠯᠢᠯᠠᠵᠤ ᠪᠣᠯᠬᠤ᠂ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠨᠡᠶᠢᠲᠡᠯᠢᠭ ᠬᠡᠷᠡᠭ ᠤᠨ ᠵᠢᠱᠢᠶ᠎ᠡ ᠵᠢᠴᠢ ᠰᠤᠷᠤᠯᠴᠠᠬᠤ ᠲᠣᠭᠲᠠᠴᠠ ᠪᠣᠯᠤᠨ ᠠᠵᠢᠯ ᠤᠨ ᠵᠠᠭᠪᠤᠷ ᠢ ᠪᠤᠢ ᠪᠤᠯᠭᠠᠬᠤ ᠪᠠᠷ ᠴᠢᠷᠮᠠᠶᠢᠬᠤ ᠬᠡᠷᠡᠭᠲᠡᠢ᠃ ᠲᠦᠷᠢᠮ ᠲᠣᠭᠲᠠᠭᠠᠯ ᠲᠣᠭᠲᠠᠭᠠᠬᠤ ᠶᠢ ᠪᠠᠶᠢᠩᠭᠤ ᠪᠥᠭᠡᠳ ᠣᠷᠳᠣ ᠬᠤᠭᠤᠴᠠᠭ᠎ᠠ ᠪᠠᠷ ᠪᠦᠳᠦᠮᠵᠢᠳᠡᠢ ᠰᠠᠶᠢᠲᠤᠷ ᠠᠳᠬᠤᠵᠤ᠂ ᠪᠠᠶᠢᠩᠭᠤᠵᠢᠭᠤᠯᠤᠨ ᠰᠤᠷᠤᠯᠴᠠᠬᠤ᠂ ᠪᠠᠶᠢᠴᠠᠭᠠᠬᠤ᠂ ᠰᠡᠷᠡᠮᠵᠢᠯᠡᠭᠦᠯᠬᠦ᠂ ᠪᠣᠯᠪᠠᠰᠤᠷᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠠᠰᠤᠨ ᠲᠤᠷᠰᠢᠳᠠ ᠵᠠᠪᠠᠯ ᠰᠤᠷᠬᠤ ᠬᠢᠴᠢᠶᠡᠯ ᠪᠣᠯᠭᠠᠵᠤ᠂ ᠲᠦᠷᠢᠮ ᠳᠠᠷᠠᠭᠠᠯᠠᠨ ᠰᠤᠷᠤᠯᠴᠠᠬᠤ᠂ ᠪᠣᠳᠠᠲᠠᠶ ᠲᠠᠢ ᠤᠶᠠᠯᠳᠤᠭᠤᠯᠤᠨ ᠰᠤᠷᠤᠯᠴᠠᠬᠤ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠵᠡᠷᠭᠡ ᠠᠵᠢᠯ ᠢ ᠦᠷᠭᠦᠯᠵᠢᠯᠡᠨ ᠰᠠᠶᠢᠲᠤᠷ ᠨᠠᠶᠢᠳᠠᠪᠤᠷᠢᠵᠢᠭᠤᠯᠵᠤ᠂ ᠪᠢᠰᠢᠷᠡᠨ ᠵᠢᠷᠦᠬᠡᠰᠢᠶᠡᠬᠦ ᠤᠬᠠᠮᠰᠠᠷ  ᠢᠶᠠᠨ ᠴᠢᠩᠭᠠᠳᠬᠠᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠶ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠵᠤ᠂ ᠲᠤᠯᠠᠭᠠᠯᠭ᠎ᠠ ᠶᠢᠨ ᠢᠨᠵᠧᠨᠧᠷᠢᠩ᠂ ᠪᠠᠳᠤᠯᠠᠭᠠᠳᠤ ᠲᠤᠰᠢᠶᠠᠬᠤ ᠠᠰᠠᠷ᠂ ᠪᠠᠳᠤᠯᠠᠭᠠᠳᠤ ᠲᠤᠰᠢᠶᠠᠬᠤ ᠬᠡᠷ ᠪᠠᠶᠢᠰᠢᠩ᠂ ᠪᠠᠷᠢᠯᠭ᠎ᠠ ᠶᠢᠨ ᠦᠢᠯᠡᠰ ᠤᠨ ᠭᠤᠷᠪᠠᠨ ᠵᠢᠯ ᠳᠤ ᠳᠠᠬᠢᠨ ᠢᠶᠠᠷ ᠨᠡᠮᠡᠭᠳᠡᠭᠦᠯᠬᠦ ᠠᠵᠢᠯᠯᠠᠭ᠎ᠠ᠂ ᠬᠤᠲᠠ ᠶᠢᠨ ᠠᠮᠢ ᠨᠠᠰᠤᠨ ᠤ ᠱᠤᠭᠤᠮ ᠤᠨ ᠠᠮᠤᠷ ᠲᠦᠪᠰᠢᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠵᠡᠷᠭᠡ ᠭᠤᠤᠯᠳᠠᠯᠭ᠎ᠠ ᠲᠠᠢ ᠡᠭᠦᠷᠭᠡ ᠶᠢ ᠦᠷᠭᠦᠯᠵᠢᠯᠡᠨ ᠰᠠᠶᠢᠲᠤᠷ ᠠᠳᠬᠤᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢᠶᠠᠷ ᠴᠢᠳᠠᠪᠤᠷᠢ ᠢᠶᠠᠨ ᠲᠡᠭᠡᠭᠰᠢᠯᠡᠭᠦᠯᠦᠨ ᠂ ᠠᠵᠢᠯ ᠤᠨ ᠶᠠᠰᠤ ᠴᠢᠨᠠᠷ ᠢᠶᠠᠨ ᠲᠡᠭᠡᠭᠰᠢᠯᠡᠭᠦᠯᠦᠨ ᠂ ᠦᠢᠯᠡᠴᠢᠯᠡᠭᠡᠨ ᠤ ᠦᠷ᠎ᠡ ᠪᠦᠲᠦᠮᠵᠢ ᠢᠶᠠᠨ ᠲᠡᠭᠡᠭᠰᠢᠯᠡᠭᠦᠯᠦᠨ ᠠᠬᠢᠭᠤᠯᠬᠤ ᠬᠡᠷᠡᠭᠲᠡᠶ ᠭᠡᠵᠤ ᠱᠠᠭᠠᠷᠳᠠᠪᠠ᠃ᠬᠤᠷᠠᠯ ᠠᠴᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠲᠣᠭᠠᠴᠢᠯᠠᠭᠰᠠᠨ ᠣᠷᠣᠨ ᠰᠠᠭᠤᠴᠠ﹀ ᠶᠢᠨ ᠪᠥᠲᠥᠭᠡᠨ ᠪᠠᠶᠢᠭᠤᠯᠤᠯᠲᠠ ᠶᠢ ᠬᠡᠷᠡᠭᠵᠢᠭᠦᠯᠬᠦ ᠲᠥᠰᠦᠯ︾᠂ ︽ᠲᠡᠤᠬᠡ ᠶᠢᠨ ᠪᠠᠷᠢᠯᠭ᠎ᠠ ᠶᠢ ᠰᠡᠯᠪᠢᠨ ᠵᠠᠰᠠᠬᠤ ᠵᠢᠴᠢ ᠳᠠᠬᠢᠨ ᠠᠰᠢᠭᠯᠠᠬᠤ ᠶᠢ ᠨᠠᠶᠢᠷᠠᠭᠤᠯᠤᠨ ᠵᠣᠬᠢᠶᠠᠬᠤ ᠵᠦᠭᠯᠡᠭᠦᠷ︾᠂ ︽ᠲᠡᠦᠬᠡ ᠰᠣᠶᠣᠯ ᠤᠨ ᠵᠡᠭᠡᠯᠢ ᠂ ᠲᠣᠭᠤᠷᠢᠭ᠂ ᠭᠠᠵᠠᠷ ᠪᠠ ᠲᠡᠤᠬᠡ ᠶᠢᠨ ᠪᠠᠷᠢᠯᠭ᠎ᠠ ᠶᠢ ᠬᠠᠮᠠᠭᠠᠯᠠᠬᠤ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠪᠥᠲᠥᠭᠡᠨ ᠪᠠᠶᠢᠭᠤᠯᠤᠯᠲᠠ ᠶᠢᠨ ᠵᠦᠭᠯᠡᠭᠦᠷ︾ ᠵᠡᠷᠭᠡ ᠵᠦᠢᠯᠡᠰ ᠢ ᠰᠤᠳᠤᠯᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠠᠯᠪᠠᠨ ᠬᠡᠷ
Baidu
map