ᠪᠥᠬᠦ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠭᠤᠤᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠸᠢᠳᠢᠤ᠋ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/8/7
    8 ᠳ᠋ᠤᠭᠠᠷ ᠰᠠᠷ᠎ᠠ ᠶᠢᠨ 5 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠪᠥᠬᠦ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠭᠤᠤᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠸᠢᠳᠢᠤ᠋ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠪᠥᠬᠦ ᠣᠷᠣᠨ ᠤ ︽ᠪᠠᠳᠤᠯᠠᠭᠠᠳᠤ ᠲᠤᠰᠢᠶᠠᠬᠤ ᠠᠰᠠᠷ︾᠂ ᠬᠤᠲᠠ ᠪᠠᠯᠭᠠᠰᠤᠨ ᠤ ᠢᠯᠴᠢ ᠬᠠᠩᠭᠠᠬᠤ ︽ᠳᠤᠯᠠᠭᠠᠯᠠᠭ᠎ᠠ ᠶᠢᠨ ᠢᠨᠵᠧᠨᠧᠷᠢᠩ︾᠂ ᠰᠢᠲᠠᠮᠠᠬᠠᠶ ᠬᠡᠶ ᠶᠢᠨ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠯᠲᠠ᠂ ᠤᠰᠤ ᠭᠠᠳᠠᠭᠰᠢᠯᠠᠭᠤᠯᠵᠤ ᠤᠰᠤᠲᠤᠯ ᠢ ᠰᠡᠷᠭᠡᠶᠢᠯᠡᠬᠦ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠪᠠ ᠠᠮᠢ ᠠᠬᠤᠶ ᠣᠷᠴᠢᠨ ᠲᠣᠭᠤᠷᠢᠨ ᠤ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠠᠬᠢᠴᠠ ᠶᠢᠨ ᠪᠠᠶᠢᠳᠠᠯ ᠢ ᠵᠠᠷᠯᠠᠨ ᠮᠡᠳᠡᠭᠳᠡᠵᠦ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠢᠦᠶ ᠰᠢᠨ ᠹᠠᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠵᠠᠩ ᠾᠧ ᠬᠤᠷᠠᠯ ᠳᠤ ᠣᠷᠣᠯᠴᠠᠭᠰᠠᠨ ᠪᠥᠭᠡᠳ ᠬᠠᠮᠢᠶ᠎ᠠ ᠪᠥᠬᠦᠶ ᠠᠵᠢᠯ ᠳᠤ ᠱᠠᠭᠠᠷᠳᠠᠯᠭ᠎ᠠ ᠳᠤᠷᠠᠳᠪᠠ᠃
W020240806333874522974.png
    ᠬᠤᠷᠠᠯ ᠠᠴᠠ᠂ ᠡᠯ᠎ᠡ ᠭᠠᠵᠠᠷ ᠤᠨ ᠬᠢᠨ ︽ᠪᠠᠳᠤᠯᠠᠭᠠᠳᠤ ᠲᠤᠰᠢᠶᠠᠬᠤ ᠠᠰᠠᠷ︾ ᠤᠨ ᠲᠤᠰᠢᠶᠠᠨ ᠥᠭᠬᠦ ᠠᠬᠢᠴᠠ ᠶᠢ ᠴᠢᠩᠭ᠎ᠠ ᠠᠩᠬᠠᠷᠴᠤ᠂ ︽ᠪᠠᠳᠤᠯᠠᠭᠠᠳᠤ ᠲᠤᠰᠢᠶᠠᠬᠤ ᠭᠡᠷ ᠪᠠᠶᠢᠰᠢᠩ︾ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠡᠯ᠎ᠡ ᠵᠦᠢᠯ ᠤᠨ ᠡᠭᠦᠷᠭᠡ ᠶᠢ ᠪᠣᠳᠠᠲᠠᠢ ᠨᠠᠷᠢᠯᠢᠭ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠪᠡᠯᠡᠨ ᠬᠡᠷ ᠪᠠᠶᠢᠰᠢᠩ ᠪᠣᠷᠣᠯᠠᠭᠤᠯᠬᠤ ᠲᠤᠷᠰᠢᠯᠲᠠ ᠶᠢᠨ ᠴᠡᠭ ᠤᠨ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ ᠬᠠᠭᠤᠯᠪᠤᠷᠢᠯᠠᠵᠤ ᠪᠣᠯᠬᠤ ᠳᠡᠯᠭᠡᠷᠡᠭᠦᠯᠵᠦ ᠪᠣᠯᠬᠤ ᠨᠡᠶᠢᠲᠡᠯᠢᠭ ᠲᠤᠷᠰᠢᠯᠭ᠎ᠠ ᠶᠢ ᠳ᠋ᠦᠩᠨᠡᠨ ᠪᠣᠶ ᠪᠣᠯᠭᠠᠬᠤ ᠶᠢᠨ ᠬᠠᠮᠲᠤ ᠠᠯᠬᠤᠮ ᠠᠯᠬᠤᠮ ᠢᠶᠠᠷ ᠳᠡᠯᠭᠡᠷᠡᠭᠦᠯᠬᠦ ᠬᠡᠷᠡᠭᠲᠡᠶ ᠭᠡᠵᠤ ᠴᠢᠬᠤᠯᠠᠴᠢᠯᠠᠪᠠ᠃
W020240806333874854021.png
 
W020240806333874924893.png
    ᠬᠤᠷᠠᠯ ᠠᠴᠠ᠂ ︽ᠳᠤᠯᠠᠭᠠᠯᠠᠭ᠎ᠠ ᠶᠢᠨ ᠢᠨᠵᠧᠨᠧᠷᠢᠩ︾ ᠤᠨ ᠪᠠᠷᠢᠯᠭ᠎ᠠ ᠶᠢᠨ ᠠᠬᠢᠴᠠ ᠶᠢ ᠬᠦᠴᠦ ᠪᠠᠨ ᠬᠠᠮᠲᠤᠳᠬᠠᠨ ᠠᠬᠢᠭᠤᠯᠵᠤ᠂ ︽ᠴᠠᠭ ᠬᠤᠭᠤᠴᠠᠭ᠎ᠠ ᠬᠠᠭᠠᠰᠯᠠᠪᠠᠯ᠂ ᠡᠭᠦᠷᠭᠡ ᠪᠠᠨ ᠬᠠᠭᠠᠰ ᠠᠴᠠ ᠢᠯᠡᠭᠦᠦ ᠪᠡᠶᠡᠯᠡᠭᠦᠯᠬᠦ︾ ᠱᠠᠭᠠᠷᠳᠠᠯᠭ᠎ᠠ ᠶᠣᠰᠣᠭᠠᠷ ᠵᠠᠩᠭᠢᠯᠠᠭ᠎ᠠ ᠶᠢᠨ ᠡᠭᠦᠷᠭᠡ ᠶᠢ ᠪᠡᠶᠡᠯᠡᠭᠦᠯᠵᠦ᠂ ᠲᠣᠭᠲᠠᠭᠰᠠᠨ ᠬᠤᠭᠤᠴᠠᠭᠠᠨ ᠳᠤ ᠢᠯᠴᠢ ᠬᠠᠩᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠰᠢᠲᠠᠮᠠᠬᠠᠶ ᠬᠡᠶ ᠶᠢᠨ ᠬᠤᠭᠤᠯᠠᠶ ᠲᠤᠤᠷ ᠢ ᠰᠢᠨᠡᠳᠬᠡᠨ ᠥᠭᠡᠷᠡᠴᠢᠯᠡᠬᠦ ᠠᠵᠢᠯ ᠢ ᠲᠦᠷᠭᠡᠳᠬᠡᠨ ᠠᠬᠢᠭᠤᠯᠵᠤ᠂ ᠰᠢᠲᠠᠮᠠᠬᠠᠶ ᠬᠡᠶ ᠶᠢᠨ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ ᠰᠢᠰᠲ᠋ᠧᠮ ᠤᠨ ᠲᠤᠭ᠎ᠠ ᠪᠠᠷᠢᠮᠲᠠ ᠶᠢ ᠣᠷᠣᠭᠤᠯᠬᠤ ᠠᠵᠢᠯ ᠢ ᠰᠠᠶᠢᠲᠤᠷ ᠬᠢᠵᠦ᠂ ᠰᠣᠯᠪᠢᠴᠠᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠢᠲᠠᠮᠠᠬᠠᠶ ᠬᠡᠶ ᠶᠢᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ ᠭᠡᠵᠤ ᠱᠠᠭᠠᠷᠳᠠᠪᠠ᠃    ᠬᠤᠷᠠᠯ ᠠᠴᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠪᠠ ᠠᠮᠢ ᠠᠬᠤᠶ ᠣᠷᠴᠢᠨ ᠲᠣᠭᠤᠷᠢᠨ ᠤ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠲᠥᠪᠯᠡᠷᠡᠭᠦᠯᠦᠨ ᠴᠡᠭᠴᠡᠯᠡᠨ ᠵᠠᠰᠠᠬᠤ᠂ ᠬᠠᠮᠲᠤᠷᠠᠨ ᠬᠠᠤᠯᠢ ᠬᠡᠷᠡᠭᠵᠢᠭᠦᠯᠬᠦ ᠪᠠᠷ ᠳᠠᠮᠵᠢᠭᠤᠯᠤᠨ᠂ ᠡᠯ᠎ᠡ ᠲᠥᠷᠥᠯ ᠤᠨ ᠲᠣᠪᠤᠶᠢᠮ᠎ᠠ ᠠᠰᠠᠭᠤᠳᠠᠯ ᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠨᠢᠭᠡ ᠪᠦᠯᠦᠭ ᠨᠡᠶᠢᠲᠡᠯᠢᠭ ᠬᠡᠷᠡᠭ ᠤᠨ ᠵᠢᠱᠢᠶ᠎ᠡ ᠶᠢ ᠢᠯᠡᠴᠢᠯᠡᠵᠦ᠂ ᠰᠡᠷᠡᠮᠵᠢᠯᠡᠭᠦᠯᠵᠦ ᠰᠦᠷᠳᠡᠭᠦᠯᠬᠦ ᠦᠢᠯᠡᠳᠦᠯ ᠢ ᠦᠨᠡᠨ ᠬᠦ ᠪᠣᠶ ᠪᠣᠯᠭᠠᠬᠤ ᠬᠡᠷᠡᠭᠲᠡᠶ᠃ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ ᠡᠨᠡ ᠬᠦ ᠬᠥᠪᠴᠢ ᠶᠢ ᠢᠮᠠᠭᠲᠠ ᠴᠢᠩᠭᠠᠯᠠᠵᠤ᠂ ᠤᠰᠤᠨ ᠠᠰᠢᠭᠯᠠᠯᠲᠠ᠂ ᠴᠠᠭ ᠠᠭᠤᠷ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠰᠠᠯᠠᠭ᠎ᠠ ᠮᠥᠴᠢᠷ ᠯᠦᠭᠡ ᠶᠢᠨ ᠵᠣᠬᠢᠴᠠᠯᠳᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠪᠠ ᠠᠶᠤᠯ ᠲᠦᠭᠰᠢᠭᠦᠷᠢ ᠶᠢ ᠵᠥᠪᠳᠡᠯᠴᠡᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠴᠠᠭ ᠠᠭᠤᠷ ᠤᠨ ᠬᠤᠪᠢᠷᠠᠯᠲᠠ ᠪᠠ ᠪᠣᠷᠣᠭᠠᠨ ᠤ ᠤᠰᠤᠨ ᠤ ᠦᠶᠡᠷ ᠤᠨ ᠪᠠᠶᠢᠳᠠᠯ ᠤᠨ ᠬᠥᠭᠵᠢᠯᠲᠡ ᠶᠢ ᠨᠢᠭᠲᠠ ᠠᠩᠬᠠᠷᠴᠤ᠂ ᠦᠶᠡᠷ ᠢ ᠰᠡᠷᠭᠡᠶᠢᠯᠡᠵᠦ ᠤᠰᠤᠲᠤᠯ ᠢ ᠵᠠᠯᠠᠬᠤ ᠠᠵᠢᠯ ᠢ ᠰᠠᠶᠢᠲᠤᠷ ᠬᠢᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ ᠭᠡᠵᠤ ᠱᠠᠭᠠᠷᠳᠠᠪᠠ᠃    ᠬᠤᠷᠠᠯ ᠠᠴᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠡᠯ᠎ᠡ ᠵᠦᠢᠯ ᠤᠨ ᠠᠵᠢᠯ ᠨᠢ ᠠᠷᠠᠳ ᠣᠯᠠᠨ ᠤ ᠲᠣᠰ ᠪᠡᠶ᠎ᠡ ᠶᠢᠨ ᠠᠰᠢᠭ ᠲᠤᠰᠠ ᠲᠠᠢ ᠨᠢᠭᠲᠠ ᠬᠤᠯᠪᠣᠭ᠎ᠠ ᠲᠠᠢ ᠶᠤᠮ᠂ ᠡᠯ᠎ᠡ ᠱᠠᠲᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠵᠢᠯ ᠤᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠭᠤᠤᠯ ᠤᠳᠤᠷᠢᠳᠤᠯᠭ᠎ᠠ ᠪᠡᠶ᠎ᠡ ᠪᠠᠷ ᠢᠶᠠᠨ ᠰᠤᠳᠤᠯᠤᠨ ᠰᠢᠢᠳᠪᠦᠷᠢᠯᠡᠵᠦ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠡᠮᠦᠨ᠎ᠡ ᠨᠢ ᠵᠢᠯᠣᠭᠤᠳᠴᠤ᠂ ᠴᠢᠩᠭ᠎ᠠ ᠠᠳᠬᠤᠵᠤ᠂ ᠡᠯ᠎ᠡ ᠵᠦᠢᠯ ᠤᠨ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠦᠨᠡᠨ ᠪᠣᠳᠠᠲᠠᠶ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠤ ᠴᠢᠬᠤᠯᠠᠴᠢᠯᠠᠪᠠ᠃    ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠬᠠᠮᠢᠶ᠎ᠠ ᠪᠦᠬᠦᠢ ᠭᠠᠵᠠᠷ ᠲᠠᠰᠤᠭ ᠤᠨ ᠭᠤᠣᠯ ᠬᠠᠷᠢᠭᠤᠴᠠᠯᠭᠠᠲᠠᠨ ᠭᠤᠣᠯ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃ ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠵᠢᠴᠢ ᠬᠥᠬᠡᠬᠤᠲᠠ᠂ ᠪᠤᠭᠤᠲᠤ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃ 
ᠢᠷᠡᠯᠲᠡ᠄ ᠲᠢᠩᠬᠢᠮ ᠤᠨ ᠬᠤᠲᠠ ᠶᠢᠨ ᠬᠠᠮᠢᠶᠠᠷᠤᠯᠲᠠ ᠶᠢᠨ ᠭᠠᠵᠠᠷ
Baidu
map