ᠬᠤᠶᠠᠳᠤᠭᠠᠷ ᠳᠡᠰ ᠤᠨ ︽ᠪᠠᠷᠢᠯᠭ᠎ᠠ ᠶᠢᠨ ᠠᠵᠤ ᠠᠬᠤᠶᠢᠯᠠᠯ ᠤᠨ ᠬᠢᠷᠢ ᠭᠡᠮ︾ ᠬᠤᠭᠤᠴᠠᠭ᠎ᠠ ᠲᠣᠯᠣᠭᠠᠳ ᠦᠷᠭᠦᠯᠵᠢᠯᠡᠬᠦ ᠶᠢ ᠭᠦᠢᠴᠡᠳᠬᠡᠬᠦ
ᠨᠡᠶᠢᠲᠡᠯᠡᠭᠰᠡᠨ ᠴᠠᠭ᠄
2024/8/9
    ᠵᠠᠬᠢᠳᠠᠯ ᠰᠤᠷᠪᠤᠯᠵᠢᠯᠠᠭᠴᠢ ᠶᠢᠨ ᠨᠡᠷ᠎ᠡ᠄ ᠰᠦᠨ ᠣᠪᠣᠭᠲᠤ    ᠵᠠᠬᠢᠳᠠᠯ ᠢᠷᠡᠭᠦᠯᠦᠭᠰᠡᠨ ᠴᠠᠭ᠄ 2024-08-08 21:21:21    ᠵᠠᠬᠢᠳᠠᠯ ᠤᠨ ᠭᠤᠣᠯ ᠰᠡᠳᠦᠪ᠄ ᠬᠤᠶᠠᠳᠤᠭᠠᠷ ᠳᠡᠰ ᠤᠨ ︽ᠪᠠᠷᠢᠯᠭ᠎ᠠ ᠶᠢᠨ ᠠᠵᠤ ᠠᠬᠤᠶᠢᠯᠠᠯ ᠤᠨ ᠬᠢᠷᠢ ᠭᠡᠮ︾ ᠬᠤᠭᠤᠴᠠᠭ᠎ᠠ ᠲᠣᠯᠣᠭᠠᠳ ᠦᠷᠭᠦᠯᠵᠢᠯᠡᠬᠦ ᠶᠢ ᠭᠦᠢᠴᠡᠳᠬᠡᠬᠦ    ᠵᠠᠬᠢᠳᠠᠯ ᠤᠨ ᠠᠭᠤᠯᠭ᠎ᠠ᠄ ᠰᠠᠶᠢᠨ ᠤᠤ᠂ ᠺᠣᠮᠫᠠᠨᠢ ᠶᠢᠨ ᠪᠠᠷᠢᠯᠭ᠎ᠠ ᠶᠢᠨ ᠠᠵᠤ ᠠᠬᠤᠶᠢᠯᠠᠯ ᠤᠨ ᠬᠢᠷᠢ ᠬᠡᠮ ᠤᠨ ᠦᠨᠡᠮᠯᠡᠯ 2025 ᠣᠨ ᠤ 1 ᠳ᠋ᠦ᠋ᠭᠡᠷ ᠰᠠᠷ᠎ᠠ ᠳᠤ ᠬᠤᠭᠤᠴᠠᠭ᠎ᠠ ᠨᠢ ᠲᠤᠯᠤᠨ᠎ᠠ᠂ ᠦᠷᠭᠦᠯᠵᠢᠯᠡᠬᠦ ᠶᠢ ᠭᠦᠢᠴᠡᠳᠬᠡᠬᠦ ᠳᠤ ᠶᠠᠮᠠᠷ ᠶᠠᠮᠠᠷ ᠦᠨᠡᠮᠯᠡᠯ ᠱᠠᠭᠠᠷᠳᠠᠵᠤ᠂ ᠦᠨᠡᠮᠯᠡᠯ ᠤᠨ ᠲᠤᠭ᠎ᠠ ᠬᠡᠮᠵᠢᠶ᠎ᠡ ᠨᠢ ᠬᠡᠳᠦᠶ ᠪᠠᠶᠢᠵᠤ᠂ ᠪᠣᠳᠠᠲᠠᠶ ᠮᠠᠲ᠋ᠧᠷᠢᠶᠠᠯ ᠢ ᠬᠠᠮᠢᠭ᠎ᠠ ᠠᠴᠠ ᠪᠠᠭᠤᠯᠭᠠᠨ ᠠᠪᠴᠤ ᠲᠠᠭᠯᠠᠨ ᠪᠢᠴᠢᠬᠦ ᠪᠣᠢ᠃ ᠺᠤᠮᠫᠠᠨᠢ ᠶᠢᠨ ᠬᠢᠷᠢ ᠬᠡᠮ ᠵᠢᠴᠢ ᠵᠡᠷᠭᠡ ᠳᠡᠰ ᠨᠢ᠄ ᠲᠡᠮᠦᠷᠯᠢᠭ ᠪᠦᠲᠦᠴᠡ ᠶᠢᠨ ᠢᠨᠵᠧᠨᠧᠷᠢᠩ ᠤᠨ ᠲᠤᠰᠬᠠᠢ ᠠᠵᠢᠯ ᠤᠨ ᠳᠠᠭᠠᠭᠠᠴᠢᠯᠠᠯᠲᠠ ᠶᠢᠨ ᠬᠤᠶᠠᠳᠤᠭᠠᠷ ᠳᠡᠰ︔ ᠮᠠᠰᠢᠨ ᠴᠠᠬᠢᠯᠭᠠᠨ ᠤ ᠢᠨᠵᠧᠨᠧᠷᠢᠩ ᠤᠨ ᠪᠠᠷᠢᠯᠭ᠎ᠠ ᠶᠢᠨ ᠠᠵᠢᠯ  ᠤᠨ ᠶᠡᠷᠦᠩᠬᠡᠢ ᠳᠠᠭᠠᠭᠠᠴᠢᠯᠠᠯᠲᠠ ᠶᠢᠨ ᠬᠤᠶᠠᠳᠤᠭᠠᠷ ᠳᠡᠰ︔ ᠴᠠᠬᠢᠯᠭᠠᠨ ᠬᠦᠴᠦᠨ ᠤ ᠢᠨᠵᠧᠨᠧᠷᠢᠩ ᠤᠨ ᠪᠠᠷᠢᠯᠭ᠎ᠠ ᠶᠢᠨ ᠠᠵᠢᠯ  ᠤᠨ ᠶᠡᠷᠦᠩᠬᠡᠢ ᠳᠠᠭᠠᠭᠠᠴᠢᠯᠠᠯᠲᠠ ᠶᠢᠨ ᠬᠤᠶᠠᠳᠤᠭᠠᠷ ᠳᠡᠰ︔ ᠪᠠᠷᠢᠯᠭ᠎ᠠ ᠶᠢᠨ ᠠᠵᠢᠯ ᠤᠨ ᠬᠥᠳᠡᠯᠮᠦᠷᠢ ᠦᠢᠯᠡᠴᠢᠯᠡᠭᠡᠨ ᠤ ᠠᠵᠤ ᠠᠬᠤᠶᠢᠯᠠᠯ ᠤᠨ ᠬᠢᠷᠢ ᠬᠡᠮ ᠢ ᠲᠠᠰ ᠬᠤᠪᠢᠶᠠᠬᠤ ᠥᠬᠡᠶ︔ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠢᠨᠵᠧᠨᠧᠷᠢᠩ ᠤᠨ ᠪᠠᠷᠢᠯᠭ᠎ᠠ ᠶᠢᠨ ᠠᠵᠢᠯ ᠤᠨ ᠶᠡᠷᠦᠩᠬᠡᠢ ᠳᠠᠭᠠᠭᠠᠴᠢᠯᠠᠯᠲᠠ ᠶᠢᠨ ᠬᠤᠶᠠᠳᠤᠭᠠᠷ ᠳᠡᠰ︔ ᠴᠢᠯᠠᠭᠤᠨ ᠲᠣᠰᠣᠨ ᠤ ᠬᠢᠮᠢ ᠶᠢᠨ ᠠᠵᠤ ᠦᠢᠯᠡᠳᠪᠦᠷᠢ ᠶᠢᠨ ᠢᠨᠵᠧᠨᠧᠷᠢᠩ ᠤᠨ ᠪᠠᠷᠢᠯᠭ᠎ᠠ ᠶᠢᠨ ᠠᠵᠢᠯ ᠤᠨ ᠶᠡᠷᠦᠩᠬᠡᠢ ᠳᠠᠭᠠᠭᠠᠴᠢᠯᠠᠯᠲᠠ ᠶᠢᠨ ᠬᠤᠶᠠᠳᠤᠭᠠᠷ ᠳᠡᠰ︔ ᠠᠭᠤᠷᠬᠠᠶ ᠶᠢᠨ ᠢᠨᠵᠧᠨᠧᠷᠢᠩ ᠤᠨ ᠪᠠᠷᠢᠯᠭ᠎ᠠ ᠶᠢᠨ ᠠᠵᠢᠯ ᠤᠨ ᠶᠡᠷᠦᠩᠬᠡᠢ ᠳᠠᠭᠠᠭᠠᠴᠢᠯᠠᠯᠲᠠ ᠶᠢᠨ ᠬᠤᠶᠠᠳᠤᠭᠠᠷ ᠳᠡᠰ︔ ᠬᠤᠳᠠ ᠪᠠ ᠵᠠᠮ ᠤᠨ ᠭᠡᠷᠡᠯᠳᠦᠭᠦᠯᠭᠡ ᠶᠢᠨ ᠢᠨᠵᠧᠨᠧᠷᠢᠩ ᠤᠨ ᠲᠤᠰᠬᠠᠢ ᠠᠵᠢᠯ ᠤᠨ ᠲᠠᠭᠠᠭᠠᠴᠢᠯᠠᠯᠳᠠ ᠶᠢᠨ ᠬᠤᠶᠠᠳᠤᠭᠠᠷ ᠲᠡᠰ︔ ᠤᠰᠤ ᠶᠢ ᠰᠡᠷᠭᠡᠶᠢᠯᠡᠵᠦ ᠢᠯᠵᠢᠷᠠᠯ ᠠᠴᠠ ᠰᠡᠷᠭᠡᠶᠢᠯᠡᠵᠦ ᠳᠤᠯᠠᠭᠠᠨ ᠢ ᠬᠠᠳᠠᠭᠠᠯᠠᠬᠤ ᠢᠨᠵᠧᠨᠧᠷᠢᠩ ᠤᠨ ᠲᠤᠰᠬᠠᠢ ᠳᠠᠭᠠᠭᠠᠴᠢᠯᠠᠯᠲᠠ ᠠᠵᠢᠯ ᠤᠨ ᠲᠠᠭᠠᠭᠠᠴᠢᠯᠠᠯᠳᠠ ᠶᠢᠨ ᠬᠤᠶᠠᠳᠤᠭᠠᠷ ᠲᠡᠰ︔ ᠪᠠᠷᠢᠯᠭ᠎ᠠ ᠶᠢᠨ ᠢᠨᠵᠧᠨᠧᠷᠢᠩ ᠤᠨ ᠪᠠᠷᠢᠯᠭ᠎ᠠ ᠶᠢᠨ ᠠᠵᠢᠯ ᠤᠨ ᠶᠡᠷᠦᠩᠬᠡᠶ ᠳᠠᠬᠠᠬᠠᠴᠢᠯᠠᠯᠲᠠ ᠶᠢᠨ ᠬᠤᠶᠠᠳᠤᠬᠠᠷ ᠳᠡᠰ᠃     ᠬᠠᠷᠢᠭᠤᠯᠤᠭᠰᠠᠨ ᠴᠠᠭ᠄2024-08-09 10:24:05    ᠬᠠᠷᠢᠭᠤᠯᠲᠠ ᠶᠢᠨ ᠠᠭᠤᠯᠭ᠎ᠠ᠄ ᠰᠠᠶᠢᠨ ᠤᠤ᠂ ᠲᠠᠨ ᠤ ᠲᠤᠰᠭᠠᠭᠰᠠᠨ ᠠᠰᠠᠭᠤᠳᠠᠯ ᠢ ᠨᠢᠭᠡᠨᠲᠡ ᠣᠯᠵᠤ ᠠᠪᠤᠭᠠᠳ ᠣᠶᠢᠯᠭᠠᠭᠰᠠᠨ᠂ ᠣᠳᠣ ᠳᠣᠣᠷᠠᠬᠢ ᠮᠡᠲᠦ ᠬᠠᠷᠢᠭᠤᠯᠲᠠ ᠥᠭᠭᠦᠶ᠎ᠡ᠄ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠢᠷᠢ ᠬᠡᠮ ᠤᠨ ᠬᠤᠭᠤᠴᠠᠭ᠎ᠠ ᠤᠷᠲᠤᠳᠬᠠᠬᠤ ᠶᠢ ᠭᠦᠢᠴᠡᠳᠬᠡᠬᠦ ᠳᠡᠭᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠪᠥᠲᠥᠭᠡᠨ ᠪᠠᠶᠢᠭᠤᠯᠤᠯᠲᠠ ᠶᠢᠨ ᠠᠵᠤ ᠠᠬᠤᠶᠢᠯᠠᠯ ᠤᠨ ᠢᠨᠵᠧᠨᠧᠷᠢᠩ ᠤᠨ ᠬᠢᠷᠢ ᠬᠡᠮ ᠢ ᠦᠷᠭᠦᠯᠵᠢᠯᠡᠭᠦᠯᠬᠦ ᠬᠤᠯᠪᠣᠭᠳᠠᠯ ᠪᠥᠬᠦᠶ ᠵᠦᠢᠯᠡᠰ ᠤᠨ ᠲᠤᠬᠠᠶ ᠮᠡᠳᠡᠭᠳᠡᠯ︾ ᠤᠨ ᠱᠠᠭᠠᠷᠳᠠᠯᠭ᠎ᠠ ᠪᠠᠷ ᠯᠠᠪᠯᠠᠯᠲᠠ ᠪᠣᠯᠭᠠᠨ ᠭᠦᠢᠴᠡᠳᠬᠡᠬᠦ ᠬᠡᠷᠡᠭᠲᠡᠶ᠃ ᠮᠠᠨ ᠤ ᠲᠢᠩᠬᠢᠮ ᠦᠢᠯᠡᠴᠢᠯᠡᠭᠡᠨ ᠤ ᠶᠠᠰᠤ ᠴᠢᠨᠠᠷ  ᠢᠶᠠᠨ ᠦᠷᠭᠦᠯᠵᠢᠯᠡᠨ ᠰᠠᠶᠢᠵᠢᠷᠠᠭᠤᠯᠤᠨ᠎ᠠ᠂ ᠲᠠᠨ ᠤ ᠬᠠᠷᠢᠯᠴᠠᠨ ᠰᠣᠯᠢᠯᠴᠠᠭ᠎ᠠ ᠬᠢᠬᠦ ᠪᠤᠯᠤᠩ ᠢ ᠠᠩᠬᠠᠷᠴᠤ ᠳᠡᠮᠵᠢᠭᠰᠡᠨ ᠳᠤ ᠲᠠᠯᠠᠷᠬᠠᠵᠤ ᠪᠠᠶᠢᠨ᠎ᠠ᠃     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠭᠠᠵᠠᠷ    2024 ᠣᠨ ᠤ 8 ᠳ᠋ᠤᠭᠠᠷ ᠰᠠᠷ᠎ᠠ ᠶᠢᠨ 9 ᠤ ᠡᠳᠦᠷ 
ᠢᠷᠡᠯᠲᠡ᠄ ᠲᠢᠩᠬᠢᠮ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠭᠠᠵᠠᠷ
Baidu
map