ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠮᠡᠳᠡᠭᠡ ᠵᠠᠩᠭᠢ ᠶᠢᠨ ᠵᠠᠭᠪᠤᠷ ︵BIM︶ ᠤᠨ ᠮᠡᠷᠭᠡᠵᠢᠯ ᠤᠨ ᠠᠵᠢᠯᠲᠠᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠲᠡᠭᠦᠰ ᠠᠮᠵᠢᠯᠲᠠ ᠲᠠᠢ ᠥᠨᠳᠥᠷᠯᠡᠪᠡ
ᠨᠡᠶᠢᠲᠡᠯᠡᠭᠰᠡᠨ ᠴᠠᠭ᠄
2024/9/10
    9 ᠳ᠋ᠤᠭᠡᠷ ᠰᠠᠷ᠎ᠠ ᠶᠢᠨ 6 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠮᠡᠳᠡᠭᠡ ᠵᠠᠩᠭᠢ ᠶᠢᠨ ᠵᠠᠭᠪᠤᠷ ︵BIM︶ ᠤᠨ ᠮᠡᠷᠭᠡᠵᠢᠯ ᠤᠨ ᠠᠵᠢᠯᠲᠠᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠲᠡᠭᠦᠰ ᠠᠮᠵᠢᠯᠲᠠ ᠲᠠᠢ ᠥᠨᠳᠥᠷᠯᠡᠪᠡ᠃ ᠤᠯᠠᠭᠠᠨᠴᠠᠪ ᠬᠤᠲᠠ ᠶᠢᠨ ᠪᠦᠦ ᠯᠢᠨ ᠵᠢᠶᠧ ᠤᠷᠤᠯᠳᠤᠭᠠᠨ ᠤ ᠨᠢᠭᠡᠳᠦᠭᠡᠷ ᠲᠤ ᠣᠷᠣᠵᠤ᠂ ᠥᠪᠥᠷ ᠮᠣᠩᠭᠤᠯ ᠤᠨ ᠵᠧᠨ ᠰᠢᠩ ᠲᠣᠭᠠᠴᠢᠯᠠᠭᠰᠠᠨ ᠪᠦᠲᠦᠭᠡᠨ ᠪᠠᠶᠢᠭᠤᠯᠤᠯᠲᠠ ᠶᠢᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠠᠵᠤ ᠠᠬᠤᠶᠢᠯᠠᠯ ᠤᠨ ᠪᠦᠯᠬᠦᠮ ᠤᠨ ᠨᠢᠭᠡᠳᠦᠭᠡᠷ ᠳᠡᠰ ᠤᠨ ᠱᠠᠩᠨᠠᠯ ᠬᠦᠷᠳᠡᠵᠤ ᠂ ᠥᠪᠥᠷ ᠮᠣᠩᠭᠤᠯ ᠤᠨ ᠪᠠᠷᠢᠯᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠦᠢᠯᠡᠰ ᠤᠨ ᠨᠡᠶᠢᠭᠡᠮᠯᠢᠭ ᠵᠡᠷᠭᠡ 2 ᠨᠢᠭᠡᠴᠢ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠱᠠᠩᠨᠠᠯ ᠬᠦᠷᠲᠡᠪᠡ᠃ ᠲᠡᠭᠦᠰᠬᠦ ᠶᠣᠰᠣᠯᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠵᠠᠩ ᠾᠧ ᠬᠤᠷᠠᠯ ᠳᠤ ᠣᠷᠣᠯᠴᠠᠵᠤ ᠶᠠᠷᠢᠶ᠎ᠠ ᠲᠠᠯᠪᠢᠭᠰᠠᠨ ᠪᠥᠭᠡᠳ ᠱᠠᠩᠨᠠᠯ ᠭᠠᠷᠳᠠᠭᠤᠯᠪᠠ᠃
W020240909330102089197.png
W020240909330102153007.png
    ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠶᠡᠷᠦ ᠠᠴᠠ ᠠᠵᠢᠯ ᠲᠥᠷᠥᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠬᠤᠯᠠᠴᠢᠯᠠᠵᠤ᠂ ᠨᠢᠭᠡᠨᠲᠡ 7 ᠬᠤᠭᠤᠴᠠᠭ᠎ᠠ᠂ 11 ᠠᠵᠢᠯ ᠲᠥᠷᠥᠯ ᠤᠨ ᠪᠥᠬᠦ ᠣᠷᠣᠨ ᠤ ᠪᠥᠲᠥᠭᠡᠨ ᠪᠠᠶᠢᠭᠤᠯᠤᠯᠲᠠ ᠶᠢᠨ ᠠᠵᠢᠯ ᠲᠥᠷᠥᠯ ᠤᠨ ᠠᠵᠢᠯᠲᠠᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠪᠠ 5 ᠬᠤᠭᠤᠴᠠᠭ᠎ᠠ᠂ 7 ᠠᠵᠢᠯ ᠲᠥᠷᠥᠯ ᠤᠨ ᠠᠳᠠᠯ ᠠᠬᠤᠶ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠤᠷ᠎ᠠ ᠴᠢᠳᠠᠪᠤᠷᠢ ᠶᠢᠨ ᠤᠷᠤᠯᠳᠤᠭᠠᠨ ᠢ ᠠᠮᠵᠢᠯᠲᠠ ᠲᠠᠢ ᠡᠷᠭᠢᠯᠡᠵᠦ᠂ ᠶᠡᠭᠡ ᠬᠡᠮᠵᠢᠶᠡᠨ ᠤ ᠤᠷ᠎ᠠ ᠴᠢᠳᠠᠪᠤᠷᠢᠲᠠᠨ ᠪᠠ ᠤᠷᠠᠨ ᠲᠠᠷᠬᠠᠳ ᠢ ᠢᠯᠡᠷᠡᠭᠦᠯᠦᠭᠰᠡᠭᠡᠷ ᠢᠷᠡᠵᠡᠶ᠂ ᠡᠭᠦᠨ ᠳᠤ 23 ᠣᠷᠤᠯᠴᠠᠭᠴᠢ ︽ᠥᠪᠡᠷᠲᠡᠭᠡᠨ ᠵᠠᠰᠠᠬᠤ ᠣᠷᠣᠨ ᠤ ︽ᠲᠠᠪᠤᠨ ᠰᠠᠷ᠎ᠠ ᠶᠢᠨ ᠨᠢᠭᠡᠨ ᠤ ᠬᠥᠳᠡᠯᠮᠦᠷᠢ ᠶᠢᠨ ᠱᠠᠩᠨᠠᠯ︾ ᠂ 56 ᠣᠷᠤᠯᠴᠠᠭᠴᠢ ︽ᠪᠥᠬᠦ ᠣᠷᠣᠨ ᠤ ᠮᠡᠷᠭᠡᠵᠢᠯ ᠤᠨ ᠴᠢᠳᠠᠪᠤᠷᠢᠲᠠᠨ︾᠂ 35 ᠵᠠᠯᠠᠭᠤ ︽ᠥᠪᠡᠷᠲᠡᠭᠡᠨ ᠵᠠᠰᠠᠬᠤ ᠣᠷᠣᠨ ᠤ ᠵᠠᠯᠠᠭᠤ ᠴᠢᠳᠠᠪᠤᠷᠢᠲᠠᠨ︾ ᠢᠶᠠᠷ ᠦᠨᠡᠯᠡᠭᠳᠡᠵᠦ᠂ 2 ᠣᠷᠤᠯᠴᠠᠭᠴᠢ ︽ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠭᠠᠪᠢᠶ᠎ᠠ ᠪᠠᠶᠢᠭᠤᠯᠤᠭᠰᠠᠨ ᠵᠢᠱᠢᠶᠡᠴᠢ︾ ᠶᠢᠨ ᠢᠷᠠᠭᠤ ᠠᠯᠳᠠᠷ ᠢ ᠭᠥᠷᠳᠡᠵᠦ᠂ 117 ᠣᠷᠤᠯᠴᠠᠭᠴᠢ ᠳᠡᠭᠡᠳᠦ ᠲᠠᠰ ᠤᠨ ᠠᠵᠢᠯᠴᠢᠨ᠂ ᠮᠡᠷᠭᠡᠵᠢᠯᠳᠡᠨ᠂ ᠳᠡᠭᠡᠳᠦ ᠵᠡᠷᠭᠡ ᠶᠢᠨ ᠮᠡᠷᠭᠡᠵᠢᠯᠳᠡᠨ ᠤ ᠬᠢᠷᠢ ᠬᠡᠮ ᠢ ᠭᠥᠷᠳᠡᠪᠡ᠃ ᠲᠣᠰ ᠤᠳᠠᠭᠠᠨ ᠤ ᠤᠷᠤᠯᠳᠤᠭᠠᠨ ᠨᠢ ᠠᠵᠢᠯ ᠲᠥᠷᠥᠯ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠵᠤ᠂ ᠠᠵᠢᠯ ᠲᠥᠷᠥᠯ ᠤᠨ ᠠᠵᠤ ᠠᠬᠤᠶᠢᠯᠠᠯ᠂ ᠨᠡᠶᠢᠭᠡᠮᠯᠢᠭ᠂ ᠶᠡᠭᠡ ᠳᠡᠭᠡᠳᠦ ᠰᠤᠷᠭᠠᠭᠤᠯᠢ ᠶᠢᠨ ᠦᠷ᠎ᠡ ᠪᠦᠲᠦᠭᠡᠯ ᠠᠮᠵᠢᠯᠲᠠ ᠪᠦᠲᠦᠮᠵᠢ ᠪᠠᠨ ᠳᠡᠯᠭᠡᠨ ᠦᠵᠡᠭᠦᠯᠬᠦ᠂ ᠬᠠᠷᠢᠯᠴᠠᠨ ᠰᠠᠨᠠᠯ ᠰᠣᠯᠢᠯᠴᠠᠨ ᠰᠤᠷᠤᠯᠴᠠᠬᠤ ᠳᠤ ᠲᠠᠪᠴᠠᠩ ᠪᠠᠶᠢᠭᠤᠯᠤᠨ ᠥᠭᠴᠦ᠂ ᠴᠢᠳᠠᠪᠤᠷᠢᠲᠠᠨ ᠢ ᠰᠢᠯᠢᠨ ᠰᠤᠩᠭᠤᠬᠤ᠂ ᠡᠩᠨᠡᠭᠡᠨ ᠤ ᠪᠠᠶᠢᠭᠤᠯᠤᠯᠲᠠ ᠶᠢ ᠠᠬᠢᠭᠤᠯᠬᠤ᠂ ᠠᠵᠢᠯ ᠲᠥᠷᠥᠯ ᠤᠨ ᠬᠥᠭᠵᠢᠯᠲᠡ ᠶᠢ ᠬᠥᠲᠥᠯᠥᠨ ᠳᠠᠭᠠᠭᠤᠯᠬᠤ ᠳᠤ ᠴᠢᠬᠤᠯᠠ ᠦᠢᠯᠡᠳᠦᠯ ᠲᠠᠢ ᠶᠤᠮ᠃ ᠨᠠᠩ ᠣᠯᠠᠨ ᠠᠵᠢᠯ ᠡᠷᠭᠢᠯᠡᠭᠰᠡᠳ ᠤᠨ ᠤᠷ᠎ᠠ ᠴᠢᠳᠠᠪᠤᠷᠢ ᠪᠠᠷ ᠢᠶᠠᠨ ᠴᠢᠳᠠᠪᠤᠷᠢᠲᠠᠨ ᠪᠣᠯᠬᠤ᠂ ᠤᠷ᠎ᠠ ᠴᠢᠳᠠᠪᠤᠷᠢ ᠪᠠᠷ ᠢᠶᠠᠨ ᠤᠯᠤᠰ ᠲᠠᠭᠠᠨ ᠵᠢᠳᠬᠦᠬᠦ ᠵᠠᠮ ᠢᠶᠠᠷ ᠵᠠᠮᠨᠠᠬᠤ ᠶᠢ ᠵᠣᠷᠢᠭᠵᠢᠭᠤᠯᠵᠤ᠂ ᠪᠥᠬᠦ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠵᠦ᠂ ︽ᠰᠢᠨ᠎ᠡ ᠵᠠᠮ ᠢ ᠨᠡᠭᠡᠭᠡᠬᠦ᠂ ᠳᠤᠮᠳᠠ ᠤᠷᠤᠰᠬᠠᠯ ᠳᠤ ᠣᠷᠣᠬᠤ︾ ᠬᠠᠷᠠᠯᠲᠠ ᠶᠢ ᠪᠡᠶᠡᠯᠡᠭᠦᠯᠬᠦ ᠳᠤ ᠬᠦᠴᠦᠲᠡᠶ ᠤᠷ᠎ᠠ ᠮᠡᠷᠭᠡᠵᠢᠯ ᠤᠨ ᠴᠢᠳᠠᠪᠤᠷᠢᠲᠠᠨ ᠤ ᠲᠤᠯᠭᠠᠭᠤᠷᠢᠯᠠᠯ ᠢ ᠬᠠᠩᠭᠠᠬᠤ ᠪᠤᠯᠤᠨ᠎ᠠ᠃
W020240909330102242302.png
 
ᠢᠷᠡᠯᠲᠡ᠄ ᠲᠢᠩᠬᠢᠮ ᠤᠨ ᠠᠵᠢᠯᠲᠠᠨ ᠤ ᠶᠠᠪᠤᠳᠠᠯ ᠤᠨ ᠭᠠᠵᠠᠷ
Baidu
map