2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠠᠵᠢᠯ ᠤᠨ ᠠᠮᠤᠷ ᠲᠦᠪᠰᠢᠨ ᠤ ᠪᠠᠷᠢᠮᠵᠢᠶᠠᠵᠢᠭᠤᠯᠤᠯᠲᠠ ᠶᠢᠨ ᠵᠢᠱᠢᠶ᠎ᠡ ᠦᠵᠡᠭᠦᠯᠬᠦ ᠪᠠᠷᠢᠯᠭ᠎ᠠ ᠶᠢᠨ ᠭᠠᠵᠠᠷ ᠤᠨ ᠠᠩᠬᠠᠨ ᠤ ᠬᠢᠨᠠᠯᠲᠠ ᠶᠢᠨ ᠦᠷ᠎ᠡ ᠳ᠋ᠦᠩ  ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠵᠠᠷᠯᠠᠯ
ᠨᠡᠶᠢᠲᠡᠯᠡᠭᠰᠡᠨ ᠴᠠᠭ᠄
2024/9/10
    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠠᠵᠢᠯ ᠤᠨ ᠠᠮᠤᠷ ᠲᠦᠪᠰᠢᠨ ᠤ ᠪᠠᠷᠢᠮᠵᠢᠶᠠᠵᠢᠭᠤᠯᠤᠯᠲᠠ ᠶᠢᠨ ᠵᠢᠱᠢᠶ᠎ᠡ ᠦᠵᠡᠭᠦᠯᠬᠦ ᠪᠠᠷᠢᠯᠭ᠎ᠠ ᠶᠢᠨ ᠭᠠᠵᠠᠷ ᠢ ᠰᠢᠯᠭᠠᠷᠠᠭᠤᠯᠬᠤ ᠠᠷᠭ᠎ᠠ︾ ︵ᠥᠪᠥᠷ ᠪᠠᠶᠢᠭᠤᠯᠤᠯᠲᠠ ᠴᠢᠨᠠᠷ ﹇2024﹈ 114 ᠳ᠋ᠤᠭᠡᠷ ᠲᠣᠭᠠᠲᠤ︶᠂ ︽2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠠᠵᠢᠯ ᠤᠨ ᠠᠮᠤᠷ ᠲᠦᠪᠰᠢᠨ ᠤ ᠪᠠᠷᠢᠮᠵᠢᠶᠠᠵᠢᠭᠤᠯᠤᠭᠰᠠᠨ ᠵᠢᠱᠢᠶ᠎ᠡ ᠦᠵᠡᠭᠦᠯᠬᠦ ᠪᠠᠷᠢᠯᠭ᠎ᠠ ᠶᠢᠨ ᠭᠠᠵᠠᠷ ᠢ ᠲᠠᠨᠢᠯᠴᠠᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠮᠡᠳᠡᠭᠳᠡᠯ︾ ︵ᠥᠪᠥᠷ ᠪᠠᠶᠢᠭᠤᠯᠤᠯᠲᠠ ᠴᠢᠨᠠᠷ ᠵᠠᠬᠢᠳᠠᠯ ﹇2024﹈ 204 ᠳ᠋ᠤᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ ᠂ ᠠᠵᠤ ᠠᠬᠤᠶᠢᠯᠠᠯ ᠭᠤᠶᠤᠴᠢᠯᠠᠨ ᠮᠡᠳᠡᠭᠦᠯᠬᠦ᠂ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠠᠩᠬᠠᠨ ᠤ ᠬᠢᠨᠠᠯᠲᠠ ᠲᠠᠨᠢᠯᠴᠠᠭᠤᠯᠭ᠎ᠠ ᠪᠠᠷ ᠳᠠᠮᠵᠢᠭᠤᠯᠤᠨ᠂ ᠨᠡᠶᠢᠲᠡ 224 ᠵᠦᠢᠯ ᠤᠨ ᠢᠨᠵᠧᠨᠧᠷᠢᠩ ᠤᠨ ᠲᠥᠷᠥᠯ ᠵᠦᠢᠯ 2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠠᠵᠢᠯ ᠤᠨ ᠠᠮᠤᠷ ᠲᠦᠪᠰᠢᠨ ᠤ ᠪᠠᠷᠢᠮᠵᠢᠶᠠᠵᠢᠭᠤᠯᠤᠭᠰᠠᠨ ᠵᠢᠱᠢᠶ᠎ᠡ ᠦᠵᠡᠭᠦᠯᠬᠦ ᠪᠠᠷᠢᠯᠭ᠎ᠠ ᠶᠢᠨ ᠭᠠᠵᠠᠷ ᠢ ᠭᠤᠶᠤᠴᠢᠯᠠᠨ ᠮᠡᠳᠡᠭᠦᠯᠵᠦ ᠰᠢᠯᠭᠠᠷᠠᠭᠤᠯᠪᠠ᠃    ᠪᠥᠬᠦ ᠣᠷᠣᠨ ᠤ ᠠᠶᠦᠯᠭᠦᠢ ᠦᠢᠯᠡᠳᠪᠦᠷᠢᠯᠡᠯ ᠢ ᠬᠢᠨᠠᠨ ᠵᠢᠯᠣᠭᠤᠳᠴᠤ ᠪᠠᠶᠢᠴᠠᠭᠠᠬᠤ ᠲᠤᠬᠠᠶ ᠶᠢᠨ ᠲᠠᠯᠠᠪᠠᠶ ᠶᠢ ᠰᠤᠭᠤᠴᠢᠨ ᠪᠠᠶᠢᠴᠠᠭᠠᠭᠰᠠᠨ ᠪᠠᠶᠢᠳᠠᠯ ᠪᠠ ᠬᠡᠯᠪᠡᠷᠢ ᠶᠢᠨ ᠬᠢᠨᠠᠨ ᠪᠠᠶᠢᠴᠠᠭᠠᠯᠲᠠ ᠶᠢᠨ ᠭᠤᠤᠯᠳᠠᠯᠭ᠎ᠠ ᠲᠠᠢ ᠮᠡᠳᠡᠭᠦᠯᠦᠭᠰᠡᠨ ᠮᠠᠲ᠋ᠧᠷᠢᠶᠠᠯ ᠤᠨ ᠪᠦᠷᠢᠨ ᠪᠦᠲᠦᠨ ᠴᠢᠨᠠᠷ ᠪᠠ ᠨᠥᠬᠦᠪᠥᠷᠢᠯᠡᠬᠦ ᠮᠠᠲ᠋ᠧᠷᠢᠶᠠᠯ ᠢ ᠬᠢᠨᠠᠨ ᠪᠠᠶᠢᠴᠠᠭᠠᠬᠤ ᠪᠠᠷ ᠳᠡᠮᠵᠢᠨ᠂ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠮᠡᠷᠭᠡᠵᠢᠯ ᠤᠨ ᠴᠢᠨᠠᠷᠲᠠᠶ ᠬᠢᠨᠠᠨ ᠪᠠᠶᠢᠴᠠᠭᠠᠯᠲᠠ ᠪᠠᠷ ᠳᠡᠮᠵᠢᠨ᠂ ᠲᠣᠭᠲᠠᠬᠤ ᠴᠠᠬᠢᠯᠭᠠᠨ ᠦᠢᠯᠡᠳᠪᠦᠷᠢ ᠠᠴᠠ ᠬᠥᠬᠡᠬᠤᠲᠠ ᠬᠤᠲᠠ ᠳᠤ ᠢᠯᠴᠢ ᠬᠠᠩᠭᠠᠬᠤ ᠬᠤᠭᠤᠯᠠᠶ ᠶᠢᠨ ᠲᠣᠤᠷ ᠤᠨ ᠢᠨᠵᠧᠨᠧᠷᠢᠩ ᠤᠨ ᠣᠨᠴᠠ ᠵᠥᠪᠰᠢᠶᠡᠷᠡᠯ ᠤᠨ ᠡᠵᠡᠩᠨᠡᠯᠲᠡ ᠶᠢᠨ ᠲᠥᠷᠥᠯ ᠵᠦᠢᠯ ᠵᠡᠷᠭᠡ 174 ᠵᠦᠢᠯ ᠢ 2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠠᠵᠢᠯ ᠤᠨ ᠠᠮᠤᠷ ᠲᠦᠪᠰᠢᠨ ᠤ ᠪᠠᠷᠢᠮᠵᠢᠶᠠᠵᠢᠭᠤᠯᠤᠯᠲᠠ ᠶᠢᠨ ᠵᠢᠱᠢᠶ᠎ᠡ ᠦᠵᠡᠭᠦᠯᠬᠦ ᠪᠠᠷᠢᠯᠭ᠎ᠠ ᠶᠢᠨ ᠭᠠᠵᠠᠷ ᠢᠶᠠᠷ ᠠᠩᠬ᠎ᠠ ᠠᠯᠬᠤᠮ ᠲᠣᠭᠲᠠᠭᠠᠵᠤ᠂ ᠣᠳᠣ ᠵᠠᠷᠯᠠᠨ ᠨᠡᠶᠢᠲᠡᠯᠡᠨ᠎ᠡ᠂ ᠵᠠᠷᠯᠠᠨ ᠨᠡᠶᠢᠲᠡᠯᠡᠬᠦ ᠡᠳᠦᠷ ᠬᠤᠭᠤᠴᠠᠭ᠎ᠠ ᠨᠢ 2024 ᠣᠨ ᠤ9 ᠳ᠋ᠦ᠋ᠭᠡᠷ ᠰᠠᠷ᠎ᠠ ᠶᠢᠨ12 ᠤ ᠡᠳᠦᠷ ᠪᠣᠯᠣᠨ᠎ᠠ᠃    ᠵᠠᠷᠯᠠᠨ ᠨᠡᠶᠢᠲᠡᠯᠡᠬᠦ ᠬᠤᠭᠤᠴᠠᠭᠠᠨ ᠳᠤ᠂ ᠶᠠᠮᠠᠷᠪᠠ ᠨᠢᠭᠡᠴᠢ ᠪᠠ ᠬᠤᠪᠢ ᠬᠥᠮᠦᠨ ᠵᠠᠷᠯᠠᠨ ᠨᠡᠶᠢᠲᠡᠯᠡᠭᠰᠡᠨ ᠲᠥᠷᠥᠯ ᠵᠦᠢᠯ ᠳᠤ ᠣᠨᠳᠣᠤ ᠰᠠᠨᠠᠯ ᠲᠠᠢ ᠪᠠᠶᠢᠪᠠᠯ᠂ ᠴᠥᠮ ᠮᠠᠨ ᠤ ᠲᠢᠩᠬᠢᠮ ᠳᠤ ᠲᠤᠰᠬᠠᠵᠤ ᠪᠣᠯᠤᠨ᠎ᠠ᠂ ᠲᠤᠰᠬᠠᠭᠰᠠᠨ ᠪᠠᠶᠢᠳᠠᠯ ᠨᠢ ᠦᠨᠡᠨ ᠠᠴᠠ ᠵᠥᠪ ᠢ ᠡᠷᠢᠬᠦ ᠬᠡᠷᠡᠭᠲᠡᠶ᠃ ᠨᠢᠭᠡᠴᠢ ᠶᠢᠨ ᠨᠡᠷ᠎ᠡ ᠪᠠᠷ ᠪᠠᠶᠢᠳᠠᠯ ᠢ ᠲᠤᠰᠬᠠᠭᠰᠠᠨ ᠪᠠᠶᠢᠪᠠᠯ᠂ ᠨᠢᠭᠡᠴᠢ ᠶᠢᠨ ᠠᠯᠪᠠᠨ ᠲᠠᠮᠠᠭ᠎ᠠ ᠶᠢ ᠳᠠᠷᠤᠬᠤ ᠬᠡᠷᠡᠭᠲᠡᠢ︔ ᠬᠤᠪᠢ ᠬᠥᠮᠦᠨ ᠤ ᠨᠡᠷ᠎ᠡ ᠪᠠᠷ ᠪᠠᠶᠢᠳᠠᠯ ᠢ ᠲᠤᠰᠬᠠᠭᠰᠠᠨ ᠪᠠᠶᠢᠪᠠᠯ᠂ ᠦᠨᠡᠨ ᠪᠣᠳᠠᠲᠠᠶ ᠣᠪᠣᠭ ᠨᠡᠷ᠎ᠡ ᠪᠠ ᠬᠠᠷᠢᠯᠴᠠᠬᠤ ᠤᠲᠠᠰᠤ ᠪᠠᠨ ᠪᠢᠴᠢᠬᠦ ᠬᠡᠷᠡᠭᠲᠡᠶ᠃    ᠬᠠᠷᠢᠯᠴᠠᠬᠤ ᠤᠲᠠᠰᠤ᠄0471-6610269    ᠬᠠᠷᠢᠯᠴᠠᠬᠤ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠴᠢᠩᠭᠢᠰ ᠬᠠᠭᠠᠨ ᠶᠡᠭᠡ ᠵᠡᠭᠡᠯᠢ ᠶᠢᠨ 15 ᠳ᠋ᠤᠭᠠᠷ ᠨᠣᠮᠧᠷ ᠤᠨ ᠪᠥᠲᠥᠭᠡᠨ ᠪᠠᠶᠢᠭᠤᠯᠤᠯᠲᠠ ᠶᠢᠨ ᠲᠣᠮᠣ ᠠᠰᠠᠷ ᠤᠨ 609 ᠲᠠᠰᠤᠭ    ᠳᠠᠭᠠᠯᠳᠤᠭᠤᠯᠤᠯ᠄2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠠᠵᠢᠯ ᠤᠨ ᠠᠮᠤᠷ ᠲᠦᠪᠰᠢᠨ ᠤ ᠪᠠᠷᠢᠮᠵᠢᠶᠠᠵᠢᠭᠤᠯᠤᠯᠲᠠ ᠶᠢᠨ ᠵᠢᠱᠢᠶ᠎ᠡ ᠦᠵᠡᠭᠦᠯᠬᠦ ᠪᠠᠷᠢᠯᠭ᠎ᠠ ᠶᠢᠨ ᠭᠠᠵᠠᠷ ᠤᠨ ᠠᠩᠬᠠᠨ ᠤ ᠬᠢᠨᠠᠯᠲᠠ ᠶᠢᠨ ᠰᠠᠨᠠᠯ        2024ᠣᠨ ᠤ9 ᠳ᠋ᠦ᠋ᠭᠡᠷ ᠰᠠᠷ᠎ᠠ ᠶᠢᠨ4 ᠤ ᠡᠳᠦᠷ  
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ
Baidu
map