ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠠᠴᠠ ᠰᠢᠨ᠎ᠡ ᠪᠠᠷ ᠵᠠᠰᠠᠪᠤᠷᠢ ᠣᠷᠣᠭᠤᠯᠤᠭᠰᠠᠨ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ ᠶᠢᠨ ᠲᠠᠶᠢᠯᠤᠮᠵᠢ ᠵᠢᠴᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠥᠷᠥᠯ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ ᠬᠡᠷᠡᠭ ᠤᠨ ᠪᠣᠳᠠᠲᠤ ᠶᠠᠪᠤᠳᠠᠯ ᠤᠨ ᠪᠤᠯᠪᠠᠰᠤᠷᠠᠯ ᠤᠨ ᠠᠩᠬᠢ ᠡᠷᠬᠢᠯᠡᠪᠡ
ᠨᠡᠶᠢᠲᠡᠯᠡᠭᠰᠡᠨ ᠴᠠᠭ᠄
2024/9/13
    ᠦᠨᠡᠨᠴᠢ ᠢᠲᠡᠭᠡᠮᠵᠢᠲᠡᠢ ᠵᠠᠰᠠᠭ ᠤᠨ ᠣᠷᠳᠣᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠶᠠᠰᠤ ᠴᠢᠨᠠᠷ ᠢ ᠳᠡᠭᠡᠭᠰᠢᠯᠡᠭᠦᠯᠵᠦ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠺᠠᠳ᠋ᠷ ᠤᠨ ᠡᠩᠨᠡᠭᠡ ᠶᠢᠨ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠪᠠ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠪᠥᠬᠦ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠬᠠᠤᠯᠢ ᠪᠠᠷ ᠵᠠᠰᠠᠬᠤ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠬᠤ ᠶᠢ ᠲᠦᠯᠬᠢᠨ ᠠᠬᠢᠭᠤᠯᠬᠤ ᠶᠢᠨ ᠲᠦᠯᠦᠭᠡ᠂ 9 ᠳ᠋ᠤᠭᠡᠷ ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠠᠴᠠ ᠰᠢᠨ᠎ᠡ ᠪᠠᠷ ᠵᠠᠰᠠᠪᠤᠷᠢ ᠣᠷᠣᠭᠤᠯᠤᠭᠰᠠᠨ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ ᠶᠢᠨ ᠲᠠᠶᠢᠯᠤᠮᠵᠢ ᠵᠢᠴᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠥᠷᠥᠯ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ ᠬᠡᠷᠡᠭ ᠤᠨ ᠪᠣᠳᠠᠲᠤ ᠶᠠᠪᠤᠳᠠᠯ ᠤᠨ ᠪᠤᠯᠪᠠᠰᠤᠷᠠᠯ ᠤᠨ ᠠᠩᠬᠢ ᠡᠷᠬᠢᠯᠡᠪᠡ  ᠃
W020240912327725115261.png
    ᠲᠣᠰ ᠤᠳᠠᠭᠠᠨ ᠤ ᠪᠤᠯᠪᠠᠰᠤᠷᠠᠯ ᠳᠤ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ ᠭᠠᠵᠠᠷ ᠤᠨ ᠬᠠᠷᠢᠭᠤᠴᠠᠯᠭᠠᠲᠠᠨ ᠢ ᠤᠷᠢᠵᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠢᠴᠢ ᠵᠠᠰᠠᠭ ᠵᠠᠬᠢᠷᠭᠠᠨ ᠤ ᠵᠠᠷᠭᠤ ᠬᠦᠯᠢᠶᠡᠬᠦ ᠵᠡᠷᠭᠡ ᠠᠵᠢᠯ ᠲᠠᠢ ᠤᠶᠠᠯᠳᠤᠭᠤᠯᠤᠨ᠂ ᠵᠠᠰᠠᠭ ᠵᠠᠬᠢᠷᠭᠠᠨ ᠤ ᠰᠢᠢᠳᠭᠡᠯ ᠤᠨ ᠬᠠᠤᠯᠢ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ ᠵᠡᠷᠭᠡ ᠠᠭᠤᠯᠭ᠎ᠠ ᠶᠢᠨ ᠲᠣᠭᠤᠷᠢᠨ ᠳᠤ ᠭᠤᠣᠯᠳᠠᠯᠭ᠎ᠠ ᠲᠠᠢ ᠰᠢᠰᠲ᠋ᠧᠮ ᠲᠠᠢ  ᠪᠠᠷ ᠲᠠᠶᠢᠯᠤᠮᠵᠢ ᠬᠢᠯᠭᠡᠵᠡᠢ᠃     ᠲᠣᠰ ᠤᠳᠠᠭᠠᠨ ᠤ ᠪᠤᠯᠪᠠᠰᠤᠷᠠᠯ ᠢᠶᠠᠷ ᠳᠡᠮᠵᠢᠨ᠂ ᠺᠠᠳ᠋ᠷ ᠤᠨ ᠡᠩᠨᠡᠭᠡ ᠶᠢᠨ ᠬᠠᠤᠯᠢ ᠶᠣᠰᠣᠭᠠᠷ ᠵᠠᠰᠠᠭ ᠶᠠᠪᠤᠭᠤᠯᠬᠤ ᠤᠬᠠᠮᠰᠠᠷ ᠪᠠ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠶᠠᠰᠤ ᠴᠢᠨᠠᠷ ᠢ ᠳᠡᠭᠡᠭᠰᠢᠯᠡᠭᠦᠯᠦᠨ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠳᠤ ᠬᠦᠴᠦᠨ ᠨᠡᠮᠡᠷᠢᠯᠡᠪᠡ᠃     ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠬᠠᠮᠢᠶ᠎ᠠ ᠪᠦᠬᠦᠢ ᠭᠠᠵᠠᠷ ᠭᠡᠷ ᠤᠨ ᠬᠠᠮᠢᠶ᠎ᠠ ᠪᠦᠬᠦᠢ ᠨᠥᠬᠦᠳ ᠭᠤᠣᠯ ᠬᠤᠷᠠᠯ ᠤᠨ ᠲᠠᠯᠠᠪᠠᠶ ᠳᠤ ᠣᠷᠣᠯᠴᠠᠪᠠ᠃ ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠵᠢᠴᠢ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠠᠵᠢᠯ ᠤᠨ ᠬᠠᠷᠢᠭᠤᠴᠠᠯᠭᠠᠲᠠᠨ ᠨᠥᠬᠦᠳ ᠬᠤᠪᠢᠶᠠᠷᠢ ᠬᠤᠷᠠᠯ ᠤᠨ ᠲᠠᠯᠠᠪᠠᠶ ᠳᠤ ᠣᠷᠣᠯᠴᠠᠪᠠ᠃  
ᠢᠷᠡᠯᠲᠡ᠄ ᠲᠢᠩᠬᠢᠮ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠭᠠᠵᠠᠷ
Baidu
map