ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠠᠴᠠ ᠪᠥᠬᠦ ᠣᠷᠣᠨ ᠤ ᠭᠡᠷ ᠪᠠᠶᠢᠰᠢᠩ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠪᠦᠳᠦᠭᠡᠨ ᠪᠠᠶᠢᠭᠤᠯᠤᠯᠳᠠ ᠶᠢᠨ ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠤ ᠠᠮᠤᠷ ᠲᠦᠪᠰᠢᠨ ᠤ ᠬᠥᠮᠦᠵᠢᠯ ᠪᠤᠯᠪᠠᠰᠤᠷᠠᠯ  ᠢ ᠦᠷᠨᠢᠭᠦᠯᠪᠡ
ᠨᠡᠶᠢᠲᠡᠯᠡᠭᠰᠡᠨ ᠴᠠᠭ᠄
2024/9/13
    9 ᠳ᠋ᠤᠭᠡᠷ ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠠᠴᠠ ᠪᠥᠬᠦ ᠣᠷᠣᠨ ᠤ ᠭᠡᠷ ᠪᠠᠶᠢᠰᠢᠩ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠪᠦᠳᠦᠭᠡᠨ ᠪᠠᠶᠢᠭᠤᠯᠤᠯᠳᠠ ᠶᠢᠨ ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠤ ᠠᠮᠤᠷ ᠲᠦᠪᠰᠢᠨ ᠤ ᠬᠥᠮᠦᠵᠢᠯ ᠪᠤᠯᠪᠠᠰᠤᠷᠠᠯ  ᠢ ᠦᠷᠨᠢᠭᠦᠯᠪᠡ᠃     ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠤᠨ ᠬᠠᠮᠢᠶ᠎ᠠ ᠪᠦᠬᠦᠢ ᠲᠤᠰᠬᠠᠢ ᠮᠡᠷᠭᠡᠵᠢᠯᠲᠡᠨ ᠵᠢᠴᠢ ᠥᠪᠡᠷᠲᠡᠭᠡᠨ ᠵᠠᠰᠠᠬᠤ ᠣᠷᠣᠨ ᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠮᠡᠷᠭᠡᠵᠢᠯ ᠤᠨ ᠲᠦᠪ ᠤᠨ ᠬᠠᠮᠢᠶ᠎ᠠ ᠪᠦᠬᠦᠢ ᠨᠦᠬᠦᠳ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠦᠯᠭᠦᠢ ᠦᠢᠯᠡᠳᠪᠦᠷᠢᠯᠡᠯ ᠤᠨ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠦᠯᠭᠦᠢ ᠦᠢᠯᠡᠳᠪᠦᠷᠢᠯᠡᠯ ᠤᠨ ᠳᠦᠷᠢᠮ︾ ︽ᠭᠡᠷ ᠪᠠᠶᠢᠰᠢᠩ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠦᠢᠯᠡᠳᠪᠦᠷᠢᠯᠡᠯ ᠤᠨ ᠠᠶᠦᠯᠭᠦᠢ ᠬᠦᠨᠳᠦ ᠶᠡᠭᠡ ᠠᠳᠡᠯ ᠤᠨ ᠳᠠᠯᠳᠠ ᠬᠡᠮ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ︵2022 ᠬᠡᠪᠯᠡᠯ︶︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ᠂ ᠪᠠᠷᠢᠮᠵᠢᠶ᠎ᠠ ᠵᠢᠴᠢ ᠠᠵᠤ ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠤᠨ ᠬᠠᠮᠢᠶ᠎ᠠ ᠪᠦᠬᠦᠢ ᠳᠦᠷᠢᠮ ᠢ ᠬᠡᠷᠡᠭᠵᠢᠭᠦᠯᠬᠦ ᠵᠡᠷᠭᠡ ᠠᠭᠤᠯᠭ᠎ᠠ ᠶᠢᠨ ᠲᠣᠭᠤᠷᠢᠨ ᠳᠤ ᠲᠠᠶᠢᠯᠤᠮᠵᠢ ᠬᠢᠵᠡᠢ᠃
W020240912329020984704.png
    ᠪᠤᠯᠪᠠᠰᠤᠷᠠᠯ ᠢᠶᠠᠷ ᠳᠡᠮᠵᠢᠨ᠂ ᠪᠥᠬᠦ ᠣᠷᠣᠨ ᠤ ᠭᠡᠷ ᠪᠠᠶᠢᠰᠢᠩ  ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠪᠦᠳᠦᠭᠡᠨ ᠪᠠᠶᠢᠭᠤᠯᠤᠯᠳᠠ ᠶᠢᠨ ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠤ ᠠᠶᠦᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠦᠵᠡᠯ ᠤᠬᠠᠮᠰᠠᠷ ᠪᠠ ᠠᠮᠤᠷ ᠲᠦᠪᠰᠢᠨ ᠤ ᠬᠠᠮᠢᠶᠠᠷᠤᠯᠲᠠ ᠶᠢᠨ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠦᠨ᠂ ᠠᠮᠤᠷ ᠲᠦᠪᠰᠢᠨ ᠤ ᠠᠳᠡᠯ ᠡᠭᠦᠰᠬᠦ ᠶᠢ ᠡᠬᠢ ᠡᠭᠦᠰᠦᠯ ᠠᠴᠠ ᠨᠢ ᠰᠡᠷᠭᠡᠶᠢᠯᠡᠨ ᠬᠤᠷᠢᠭᠯᠠᠵᠤ᠂ ᠭᠡᠷ ᠪᠠᠶᠢᠰᠢᠩ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠪᠦᠳᠦᠭᠡᠨ ᠪᠠᠶᠢᠭᠤᠯᠤᠯᠳᠠ ᠶᠢᠨ ᠪᠠᠷᠢᠯᠭ᠎ᠠ ᠪᠠᠷᠢᠬᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ  ᠪᠠᠬᠢᠵᠢᠭᠦᠯᠪᠡ᠃     ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠪᠠᠷᠢᠯᠭ᠎ᠠ ᠶᠢᠨ ᠶᠠᠰᠤ ᠴᠢᠨᠠᠷ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠭᠠᠵᠠᠷ᠂ ᠥᠪᠡᠷᠲᠡᠭᠡᠨ ᠵᠠᠰᠠᠬᠤ ᠣᠷᠣᠨ ᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠮᠡᠷᠭᠡᠵᠢᠯ ᠤᠨ ᠦᠢᠯᠡᠴᠢᠯᠡᠭᠡᠨ ᠤ ᠲᠥᠪ ᠤᠨ ᠬᠠᠮᠢᠶ᠎ᠠ ᠪᠦᠬᠦᠢ ᠨᠦᠬᠦᠳ ᠭᠤᠤᠯ ᠬᠤᠷᠠᠯ ᠤᠨ ᠲᠠᠯᠠᠪᠠᠢ ᠳᠤ ᠬᠤᠷᠠᠯ ᠳᠤ ᠤᠷᠤᠯᠴᠠᠪᠠ ᠃ ᠪᠥᠬᠦ ᠣᠷᠣᠨ ᠤ ᠭᠡᠷ ᠪᠠᠶᠢᠰᠢᠩ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠪᠦᠳᠦᠭᠡᠨ ᠪᠠᠶᠢᠭᠤᠯᠤᠯᠳᠠ  ᠶᠢᠨ ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠨᠡᠶᠢᠲᠡ 1800 ᠭᠠᠷᠤᠢ ᠬᠥᠮᠥᠨ ᠠᠶᠢᠮᠠᠭ ᠬᠤᠲᠠ ᠶᠢᠨ ᠬᠤᠪᠢᠶᠠᠷᠢ ᠬᠤᠷᠠᠯ ᠤᠨ ᠲᠠᠯᠠᠪᠠᠶ ᠳᠤ ᠣᠷᠣᠯᠴᠠᠵᠠᠢ᠃  
ᠢᠷᠡᠯᠲᠡ᠄ ᠲᠢᠩᠬᠢᠮ ᠤᠨ ᠪᠠᠷᠢᠯᠭ᠎ᠠ ᠶᠢᠨ ᠶᠠᠰᠤ ᠴᠢᠨᠠᠷ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠭᠠᠵᠠᠷ᠂ ᠥᠪᠡᠷᠲᠡᠭᠡᠨ ᠵᠠᠰᠠᠬᠤ ᠣᠷᠣᠨ
Baidu
map