ᠢᠦᠢ ᠰᠢᠨ ᠹᠠᠩ ᠦᠬᠠᠢ ᠬᠤᠳᠠ ᠳᠤ ᠬᠤᠳᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠪᠣᠯᠣᠨ ︽ᠲᠤᠯᠠᠭᠠᠯᠭ᠎ᠠ ᠶᠢᠨ ᠢᠨᠵᠧᠨᠧᠷᠢᠩ︾ ᠤᠨ ᠬᠠᠮᠢᠶ᠎ᠠ ᠪᠦᠬᠦᠢ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/9/13
    9 ᠳ᠋ᠤᠭᠡᠷ ᠰᠠᠷ᠎ᠠ ᠶᠢᠨ 9 ᠤ ᠡᠳᠦᠷ ᠠᠴᠠ 10 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠢᠦᠢ ᠰᠢᠨ ᠹᠠᠩ ᠪᠦᠯᠬᠦᠮ ᠳᠠᠭᠠᠭᠤᠯᠤᠨ ᠦᠬᠠᠢ ᠬᠤᠲᠠ ᠳᠤ ᠬᠦᠷᠴᠦ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠲᠤᠬᠠᠢ ᠶᠢᠨ ᠲᠠᠯᠠᠪᠤᠷ ᠤᠨ ᠬᠤᠷᠠᠯ ᠤᠨ ᠪᠡᠯᠡᠳᠬᠡᠯ ᠪᠠ ︽ᠲᠤᠯᠠᠭᠠᠯᠭ᠎ᠠ ᠶᠢᠨ ᠢᠨᠵᠧᠨᠧᠷᠢᠩ︾ ᠤᠨ ᠬᠠᠮᠢᠶ᠎ᠠ ᠪᠦᠬᠦᠢ ᠠᠵᠢᠯ ᠢ ᠪᠠᠶᠢᠴᠠᠭᠠᠨ ᠰᠤᠳᠤᠯᠪᠠ᠃
W020240912326750362562.png
    ᠢᠦᠢ ᠰᠢᠨ ᠹᠠᠩ ᠤᠷᠢᠳ ᠬᠤᠵᠢᠳ ᠦᠬᠠᠢ ᠬᠤᠳᠠ ᠶᠢᠨ ᠢᠯᠴᠢ ᠶᠢᠨ ᠬᠦᠴᠦᠨ ᠤ ᠬᠢᠵᠠᠭᠠᠷᠲᠤ ᠺᠣᠮᠫᠠᠨᠢ ᠶᠢᠨ ᠲᠣᠬᠢᠷᠠᠭᠤᠯᠭ᠎ᠠ ᠶᠢᠨ ᠲᠥᠪ᠂ ᠤᠮᠠᠷᠠᠲᠤ ᠬᠡᠰᠡᠭ ᠤᠨ ᠰᠢᠲᠠᠮᠠᠬᠠᠢ ᠬᠡᠢ ᠶᠢᠨ ᠭᠦᠸᠧᠯᠦ ᠶᠢᠨ ᠭᠡᠷ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ᠂ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠡᠮᠦᠨ᠎ᠡ ᠰᠠᠭᠤᠭᠠᠯᠢ ᠠᠷᠠᠳ ᠤᠨ ᠲᠣᠭᠤᠷᠢᠭ᠂ ᠭᠠᠵᠠᠷ ᠰᠢᠨᠵᠢᠯᠡᠭᠡᠨ ᠤ ᠴᠡᠴᠡᠷᠯᠢᠭ ᠤᠨ ᠰᠠᠭᠤᠭᠠᠯᠢ ᠠᠷᠠᠳ ᠤᠨ ᠲᠣᠭᠤᠷᠢᠭ ᠤᠨ ᠬᠤᠶᠠᠳᠠᠭᠴᠢ ᠬᠤᠭᠤᠯᠠᠢ ᠲᠣᠣᠷ ᠢ ᠦᠭᠡᠷᠡᠴᠢᠯᠡᠨ ᠰᠠᠶᠢᠵᠢᠷᠠᠭᠤᠯᠬᠤ ᠲᠤᠬᠠᠢ ᠶᠢᠨ ᠲᠠᠯᠠᠪᠠᠢ ᠳᠤ ᠬᠦᠷᠴᠦ᠂ ᠬᠤᠳᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠲᠤᠬᠠᠢ ᠶᠢᠨ ᠲᠠᠯᠠᠪᠠᠢ ᠶᠢᠨ ᠬᠤᠷᠠᠯ ᠤᠨ ᠡᠯ᠎ᠡ ᠵᠦᠢᠯ ᠤᠨ ᠠᠵᠢᠯ ᠤᠨ ᠠᠬᠢᠴᠠ ᠶᠢᠨ ᠪᠠᠶᠢᠳᠠᠯ ᠵᠢᠴᠢ ︽ᠲᠤᠯᠠᠭᠠᠯᠭ᠎ᠠ ᠶᠢᠨ ᠢᠨᠵᠧᠨᠧᠷᠢᠩ︾ ᠢ ᠬᠡᠷᠡᠭᠵᠢᠭᠦᠯᠦᠭᠰᠡᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠵᠠᠢ᠃
W020240912326751134796.png
    ᠢᠦᠢ ᠰᠢᠨ ᠹᠠᠩ᠂ ᠲᠤᠬᠠᠢ ᠶᠢᠨ ᠲᠠᠯᠠᠪᠠᠢ ᠶᠢᠨ ᠬᠤᠷᠠᠯ ᠤᠨ ᠪᠡᠯᠡᠳᠬᠡᠯ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠶᠠᠰᠤ ᠴᠢᠨᠠᠷ ᠢ ᠪᠠᠲᠤᠯᠠᠬᠤ ᠮᠥᠷᠲᠡᠭᠡᠨ ᠨᠠᠷᠢᠨ ᠵᠦᠢᠯᠡᠰ ᠢ ᠨᠡᠩ ᠴᠢᠬᠤᠯᠠᠴᠢᠯᠠᠵᠤ᠂ ᠪᠤᠯᠪᠠᠰᠤᠷᠠᠭᠤᠯᠤᠨ ᠲᠡᠰ ᠲᠡᠪᠰᠢᠭᠦᠯᠵᠦ᠂ ᠬᠢᠯᠠᠰ ᠴᠡᠭ ᠢ ᠢᠯᠡᠷᠡᠭᠦᠯᠵᠦ᠂ ᠲᠤᠬᠠᠢ ᠶᠢᠨ ᠲᠠᠯᠠᠪᠠᠢ ᠶᠢᠨ ᠲᠣᠭᠤᠷᠢᠨ ᠦᠵᠡᠬᠦ ᠴᠡᠭ ᠤᠨ ᠰᠤᠷᠤᠯᠴᠠᠬᠤ ᠲᠣᠯᠢ ᠪᠣᠯᠭᠠᠬᠤ ᠶᠢ ᠦᠨᠡᠨᠬᠦ ᠪᠠᠳᠤᠯᠠᠵᠤ᠂ ᠪᠦᠷᠢᠯᠳᠦᠭᠦᠯᠦᠭᠰᠡᠨ ᠲᠤᠷᠰᠢᠯᠭ᠎ᠠ ᠪᠣᠯᠣᠨ ᠠᠷᠭ᠎ᠠ ᠬᠢᠳᠡᠯ ᠨᠢ ᠳᠠᠭᠤᠷᠢᠶᠠᠵᠤ ᠳᠡᠯᠭᠡᠷᠡᠭᠦᠯᠵᠦ ᠪᠣᠯᠬᠤ ᠶᠢ ᠪᠠᠲᠤᠯᠠᠵᠤ᠂ ᠪᠦᠬᠦ ᠣᠷᠣᠨ ᠤ ᠬᠤᠳᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠠᠵᠢᠯ ᠢ ᠲᠠᠬᠢᠨ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃     ᠢᠦᠢ ᠰᠢᠨ ᠹᠠᠩ᠂ ︽ᠴᠠᠭ ᠢᠮᠠᠭᠲᠠ ᠰᠠᠨᠠᠭ᠎ᠠ ᠠᠮᠤᠷ ᠪᠠᠶᠢᠵᠤ ᠪᠤᠯᠬᠤ ᠦᠭᠡᠢ ︾ ᠬᠠᠷᠢᠭᠤᠴᠠᠯᠭᠠᠲᠤ ᠰᠡᠳᠬᠢᠯᠭᠡ ᠪᠠ ᠪᠠᠴᠢᠮ ᠲᠤᠯᠭᠠᠮ᠎ᠠ ᠰᠡᠳᠬᠢᠯᠭᠡ ᠪᠠᠷ ᠳᠤᠯᠠᠭᠠᠯᠭ᠎ᠠ ᠶᠢᠨ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠢᠨᠵᠧᠨᠧᠷᠢᠩ ᠤᠨ ᠶᠠᠰᠤ ᠴᠢᠨᠠᠷ ᠤᠨ ᠪᠣᠭᠤᠮᠲᠠ᠂ ᠠᠮᠤᠷ ᠲᠦᠪᠰᠢᠨ ᠤ ᠪᠣᠭᠤᠮᠲᠠ ᠶᠢ ᠴᠢᠩᠭ᠎ᠠ ᠠᠳᠬᠤᠵᠤ᠂ ︽ᠳᠤᠯᠠᠭᠠᠯᠭ᠎ᠠ ᠶᠢᠨ ᠢᠨᠵᠧᠨᠧᠷᠢᠩ︾ ᠤᠨ ᠡᠯ᠎ᠡ ᠵᠦᠢᠯ ᠤᠨ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠢ ᠪᠡᠶᠡᠯᠡᠭᠦᠯᠵᠦ᠂ ︽ᠢᠯᠴᠢ ᠬᠠᠩᠭᠠᠯᠭ᠎ᠠ︾ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠣᠶᠤᠨᠴᠢ ᠪᠠᠷ ᠡᠨᠧᠷᠭᠢ ᠣᠯᠭᠤᠬᠤ ᠶᠢ ᠪᠠᠷᠢᠮᠲᠠᠯᠠᠵᠤ᠂ ᠢᠯᠴᠢ ᠶᠢᠨ ᠬᠦᠴᠦᠨ ᠤ ᠥᠷᠲᠡᠭᠡ ᠶᠢᠨ ᠪᠠᠷᠢᠮᠵᠢᠶᠠᠵᠢᠭᠤᠯᠬᠤ᠂ ᠣᠶᠤᠨᠴᠢᠯᠠᠬᠤ ᠪᠠᠶᠢᠭᠤᠯᠤᠯᠲᠠ ᠪᠠ ᠥᠭᠡᠷᠡᠴᠢᠯᠡᠯᠲᠡ ᠶᠢ ᠰᠠᠶᠢᠲᠤᠷ ᠬᠢᠵᠦ᠂ ᠣᠷᠭᠢᠯ ᠢ ᠵᠥᠷᠢᠭᠦᠯᠦᠨ ᠲᠣᠬᠢᠷᠠᠭᠤᠯᠤᠨ ᠡᠵᠡᠮᠳᠡᠬᠦ᠂ ᠬᠡᠮᠵᠢᠯᠲᠡ ᠪᠠᠷ ᠢᠯᠴᠢ ᠬᠠᠩᠭᠠᠬᠤ᠂ ᠪᠥᠬᠦ ᠬᠡᠯᠬᠢᠶᠡᠰᠦ ᠶᠢᠨ ᠲᠤᠭ᠎ᠠ ᠪᠠᠷᠢᠮᠲᠠ ᠶᠢ ᠬᠢᠨᠠᠨ ᠬᠡᠮᠵᠢᠬᠦ ᠶᠢ ᠪᠡᠶᠡᠯᠡᠭᠦᠯᠵᠦ᠂ ᠬᠡᠷᠡᠭᠴᠡᠭᠡ ᠶᠣᠰᠣᠭᠠᠷ ᠢᠯᠴᠢ ᠬᠠᠩᠭᠠᠬᠤ᠂ ᠨᠠᠷᠢᠯᠢᠭ ᠣᠨᠣᠴᠠᠲᠠᠢ ᠪᠠᠷ ᠢᠯᠴᠢ ᠬᠠᠩᠭᠠᠬᠤ ᠰᠢᠨ᠎ᠡ ᠬᠡᠯᠪᠡᠷᠢ ᠶᠢᠨ ᠣᠶᠤᠨᠴᠢ ᠢᠯᠴᠢ ᠬᠠᠩᠭᠠᠬᠤ ᠵᠠᠭᠪᠤᠷ ᠢ ᠠᠯᠬᠤᠮ ᠠᠯᠬᠤᠮ ᠢᠶᠠᠷ ᠪᠡᠶᠡᠯᠡᠭᠦᠯᠬᠦ ᠬᠡᠷᠡᠭᠲᠡᠢ ᠭᠡᠵᠤ ᠴᠢᠬᠤᠯᠠᠴᠢᠯᠠᠪᠠ᠃
W020240912326751210220.png
    ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠬᠤᠲᠠ ᠶᠢᠨ ᠬᠠᠮᠢᠶᠠᠷᠤᠯᠲᠠ ᠶᠢᠨ ᠭᠠᠵᠠᠷ ᠤᠨ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠤᠷᠤᠯᠴᠠᠪᠠ᠃  
ᠢᠷᠡᠯᠲᠡ᠄ ᠲᠢᠩᠬᠢᠮ ᠤᠨ ᠬᠤᠲᠠ ᠶᠢᠨ ᠬᠠᠮᠢᠶᠠᠷᠤᠯᠲᠠ ᠶᠢᠨ ᠭᠠᠵᠠᠷ
Baidu
map