ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠣᠷᠣᠨ ᠨᠤᠲᠤᠭ ᠤᠨ ᠪᠠᠷᠢᠮᠵᠢᠶ᠎ᠠ ︽ᠤᠭᠤᠲᠠᠯᠢᠭ ᠬᠥᠷᠥᠰᠥᠨ ᠤ ᠪᠦᠲᠦᠴᠡ ᠶᠢᠨ ᠮᠡᠷᠭᠡᠵᠢᠯ ᠤᠨ ᠪᠠᠷᠢᠮᠵᠢᠶ᠎ᠠ ︾ ᠶᠢ ᠨᠡᠶᠢᠲᠡᠯᠡᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠠᠯᠪᠠᠨ ᠵᠠᠷ
ᠨᠡᠶᠢᠲᠡᠯᠡᠭᠰᠡᠨ ᠴᠠᠭ᠄
2024/9/18

    ﹇2024 ﹈126 ᠳ᠋ᠤᠭᠠᠷ ᠲᠣᠭᠠᠲᠤ

    ᠡᠳᠦᠭᠡ ︽ᠤᠭᠤᠲᠠᠯᠢᠭ ᠬᠥᠷᠥᠰᠥᠨ ᠤ ᠪᠦᠲᠦᠴᠡ ᠶᠢᠨ ᠮᠡᠷᠭᠡᠵᠢᠯ ᠤᠨ ᠪᠠᠷᠢᠮᠵᠢᠶ᠎ᠠ︾ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ

ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠣᠷᠣᠨ ᠨᠤᠲᠤᠭ ᠤᠨ ᠪᠠᠷᠢᠮᠵᠢᠶ᠎ᠠ ᠪᠣᠯᠭᠠᠬᠤ ᠶᠢ ᠵᠥᠪᠰᠢᠶᠡᠷᠡᠵᠦ᠂ DB15/T 3671—2024 ᠪᠣᠯᠭᠠᠨ

ᠳ᠋ᠤᠭᠠᠷᠯᠠᠵᠤ᠂ 2024 ᠣᠨ ᠤ 12 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃

    ᠲᠣᠰ ᠪᠠᠷᠢᠮᠵᠢᠶ᠎ᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ

ᠲᠢᠩᠬᠢᠮ ᠠᠴᠠ ᠬᠠᠷᠢᠭᠤᠴᠠᠨ ᠬᠠᠮᠢᠶᠠᠷᠴᠤ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠠᠴᠠ ᠪᠣᠳᠠᠲᠠᠶ ᠮᠡᠷᠭᠡᠵᠢᠯ ᠤᠨ ᠠᠭᠤᠯᠭ᠎ᠠ ᠶᠢᠨ

ᠲᠠᠶᠢᠯᠪᠤᠷᠢᠯᠠᠯᠲᠠ ᠶᠢ ᠬᠠᠷᠢᠭᠤᠴᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠣᠷᠳᠣᠨ ᠤ ᠪᠠᠯᠠ ᠣᠷᠣᠭᠤᠯᠤᠭᠰᠠᠨ

ᠡᠵᠡᠩᠨᠡᠯᠲᠡ ᠶᠢᠨ ᠪᠤᠰᠤ ᠴᠢᠨᠠᠷᠲᠠᠶ ᠲᠥᠷᠥᠯ ᠵᠦᠢᠯ ᠤᠨ ᠣᠷᠣᠯᠠᠨ ᠪᠠᠶᠢᠭᠤᠯᠬᠤ ᠲᠥᠪ ᠠᠴᠠ ᠬᠤᠯᠪᠣᠭᠳᠠᠯ ᠪᠥᠬᠦᠶ ᠬᠡᠪᠯᠡᠭᠦᠯᠬᠦ᠂ ᠲᠠᠷᠬᠠᠭᠠᠬᠤ ᠠᠵᠢᠯ ᠢ

ᠬᠠᠷᠢᠭᠤᠴᠠᠨ᠎ᠠ᠃

ᠣᠨᠴᠠᠭᠠᠶᠢᠯᠠᠨ ᠵᠠᠷᠯᠠᠪᠠ᠃

 

    2024 ᠣᠨ ᠤ 9 ᠳ᠋ᠦ᠋ᠭᠡᠷ ᠰᠠᠷ᠎ᠠ ᠶᠢᠨ 13 ᠤ ᠡᠳᠦᠷ

 

ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ
Baidu
map