ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠬᠥᠬᠡᠬᠤᠲᠠ ᠳᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠢᠷᠭᠡᠨ ᠤ ᠬᠡᠷᠡᠭ ᠤᠨ ᠵᠢᠭᠤᠷᠠᠯᠳᠤᠭᠠᠨ ᠢ ᠰᠦᠯᠵᠢᠶᠡᠨ ᠳᠡᠭᠡᠷ᠎ᠡ ᠵᠣᠯᠭᠠᠭᠤᠯᠬᠤ ᠲᠤᠷᠰᠢᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/9/19
    ᠣᠶᠢᠷ᠎ᠠ ᠳᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠬᠠᠤᠯᠢ ᠲᠣᠭᠲᠠᠭᠠᠯ ᠤᠨ ᠵᠤᠷᠭᠠᠨ ᠬᠥᠬᠡᠬᠤᠲᠠ ᠳᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠢᠷᠭᠡᠨ ᠤ ᠬᠡᠷᠡᠭ ᠤᠨ ᠵᠢᠭᠤᠷᠠᠯᠳᠤᠭᠠᠨ ᠢ ᠰᠦᠯᠵᠢᠶᠡᠨ ᠳᠡᠭᠡᠷ᠎ᠡ ᠵᠣᠯᠭᠠᠭᠤᠯᠬᠤ ᠲᠤᠷᠰᠢᠯᠲᠠ ᠶᠢᠨ ᠴᠡᠭ ᠲᠤ ᠪᠠᠶᠢᠴᠠᠭᠠᠨ ᠰᠤᠳᠤᠯᠤᠯᠲᠠ ᠬᠢᠪᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠢᠷᠭᠡᠨ ᠤ ᠬᠡᠷᠡᠭ ᠤᠨ ᠵᠢᠭᠤᠷᠠᠯᠳᠤᠭᠠᠨ ᠢ ᠡᠶᠡᠳᠡᠭᠦᠯᠬᠦ ᠶᠠᠪᠤᠳᠠᠯ ᠤᠨ ᠬᠠᠮᠲᠤᠷᠠᠨ ᠵᠣᠬᠢᠴᠠᠭᠤᠯᠬᠤ ᠺᠣᠮᠢᠰ ᠲᠤ ᠬᠦᠷᠴᠦ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠳᠠ ᠶᠢᠨ ᠲᠢᠩᠬᠢᠮ ᠳᠤ ᠶᠠᠷᠢᠯᠴᠠᠭᠠᠨ ᠤ ᠬᠤᠷᠠᠯ ᠬᠤᠷᠠᠯᠳᠤᠭᠤᠯᠪᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠬᠠᠤᠯᠢ ᠲᠣᠭᠲᠠᠭᠠᠯ ᠤᠨ ᠵᠤᠷᠭᠠᠨ ᠤ ᠳᠡᠳ᠋ ᠳᠠᠷᠤᠭ᠎ᠠ ᠽᠧᠩ ᠱᠣᠸ ᠬᠤᠸᠠ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠢᠦᠢ ᠰᠢᠨ ᠹᠠᠩ ᠪᠠᠶᠠᠷ ᠤᠨ ᠦᠭᠡ ᠬᠡᠯᠡᠵᠡᠢ᠃
W020240918331804318590.png
    ᠶᠠᠷᠢᠯᠴᠠᠬᠤ ᠬᠤᠷᠠᠯ ᠳᠡᠭᠡᠷ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠠᠴᠠ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠢᠷᠭᠡᠨ ᠤ ᠬᠡᠷᠡᠭ ᠤᠨ ᠵᠢᠭᠤᠷᠠᠯᠳᠤᠭᠠᠨ  ᠢ ᠰᠦᠯᠵᠢᠶᠡᠨ ᠳᠡᠭᠡᠷ᠎ᠡ ᠵᠣᠯᠭᠠᠭᠤᠯᠬᠤ ᠲᠤᠷᠰᠢᠯᠲᠠ ᠶᠢᠨ ᠠᠵᠢᠯ ᠢ ᠲᠦᠯᠬᠢᠨ ᠠᠬᠢᠭᠤᠯᠤᠭᠰᠠᠨ ᠪᠠᠶᠢᠳᠠᠯ ᠢ ᠲᠠᠨᠢᠯᠴᠠᠭᠤᠯᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠢᠷᠭᠡᠨ ᠤ ᠬᠡᠷᠡᠭ ᠤᠨ ᠵᠢᠭᠤᠷᠠᠯᠳᠤᠭᠠᠨ ᠢ ᠡᠶᠡᠳᠡᠭᠦᠯᠬᠦ ᠶᠠᠪᠤᠳᠠᠯ ᠤᠨ ᠬᠠᠮᠲᠤᠷᠠᠨ ᠵᠣᠬᠢᠴᠠᠭᠤᠯᠬᠤ ᠺᠣᠮᠢᠰ ᠠᠴᠠ ᠪᠠᠶᠢᠭᠤᠯᠤᠮᠵᠢ᠂ ᠳᠦᠷᠢᠮ᠂ ᠡᠩᠨᠡᠭᠡ ᠶᠢᠨ ᠪᠠᠶᠢᠭᠤᠯᠤᠯᠲᠠ ᠵᠢᠴᠢ ᠬᠡᠷᠡᠭ ᠤᠨ ᠡᠶᠡᠳᠡᠭᠦᠯᠭᠡ ᠶᠢᠨ ᠪᠠᠶᠢᠳᠠᠯ ᠢ ᠲᠠᠨᠢᠯᠴᠠᠭᠤᠯᠪᠠ᠃ ᠪᠡᠭᠡᠵᠢᠩ᠂ ᠵᠧᠵᠢᠶᠠᠩ᠂ ᠹᠦᠵᠢᠶᠠᠨ᠂ ᠱᠠᠨᠳᠦ᠋ᠩ᠂ ᠭᠤᠸᠠᠩᠳᠦ᠋ᠩ ᠵᠡᠷᠭᠡ ᠲᠤᠷᠰᠢᠯᠲᠠ ᠶᠢᠨ ᠮᠤᠵᠢ ︵ᠬᠤᠲᠠ︶ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠵᠢᠴᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠢᠷᠭᠡᠨ ᠤ ᠬᠡᠷᠡᠭ ᠤᠨ ᠵᠢᠭᠤᠷᠠᠯᠳᠤᠭᠠᠨ ᠢ ᠡᠶᠡᠳᠡᠭᠦᠯᠬᠦ ᠶᠠᠪᠤᠳᠠᠯ ᠤᠨ ᠬᠠᠮᠲᠤᠷᠠᠨ ᠵᠣᠬᠢᠴᠠᠭᠤᠯᠬᠤ ᠺᠣᠮᠢᠰ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠲᠤᠷᠰᠢᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠲᠠᠨᠢᠯᠴᠠᠭᠤᠯᠪᠠ᠃ ᠬᠥᠬᠡᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠠᠳᠠᠯ ᠠᠬᠤᠢ ᠶᠢᠨ ᠬᠠᠮᠢᠶᠠᠷᠤᠯᠲᠠ ᠶᠢᠨ ᠬᠦᠷᠢᠶᠡᠨ ᠳᠠᠬᠢ ᠢᠷᠭᠡᠨ ᠤ ᠬᠡᠷᠡᠭ ᠤᠨ ᠵᠢᠭᠤᠷᠠᠯᠳᠤᠭᠠᠨ ᠤ ᠡᠶᠡᠳᠡᠭᠦᠯᠭᠡ ᠶᠢᠨ ᠠᠵᠢᠯ ᠤᠨ ᠠᠷᠭ᠎ᠠ ᠬᠢᠳᠡᠯ ᠪᠠ ᠲᠤᠷᠰᠢᠯᠭ᠎ᠠ ᠪᠠᠨ ᠲᠠᠨᠢᠯᠴᠠᠭᠤᠯᠪᠠ᠃ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠲᠤᠷᠰᠢᠯᠲᠠ ᠶᠢᠨ ᠠᠵᠢᠯ ᠢ ᠠᠬᠢᠭᠤᠯᠬᠤ ᠶᠠᠪᠤᠴᠠ ᠳᠤ ᠲᠤᠯᠭᠠᠷᠠᠭᠰᠠᠨ ᠠᠰᠠᠭᠤᠳᠠᠯ ᠲᠠᠢ ᠤᠶᠠᠯᠳᠤᠭᠤᠯᠤᠨ ᠰᠠᠨᠠᠯ ᠢᠶᠠᠨ ᠭᠦᠨᠵᠡᠭᠡᠢ ᠰᠣᠯᠢᠯᠴᠠᠨ ᠶᠠᠷᠢᠯᠴᠠᠵᠤ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠤᠶᠤᠨ ᠤᠬᠠᠭᠠᠨ ᠢᠶᠠᠨ ᠢᠳᠡᠭᠡᠰᠢᠭᠦᠯᠪᠡ᠃
W020240918331804419514.png
    ᠪᠠᠶᠢᠴᠠᠭᠠᠨ ᠰᠤᠳᠤᠯᠬᠤ ᠳᠤᠭᠤᠶᠢᠯᠠᠩ ᠠᠴᠠ᠂ ᠡᠯ᠎ᠡ ᠲᠤᠷᠰᠢᠯᠲᠠ ᠶᠢᠨ ᠭᠠᠵᠠᠷ ᠣᠷᠣᠨ ᠤ ᠠᠵᠢᠯ ᠢᠯᠡᠳᠲᠡ ᠦᠷ᠎ᠡ ᠪᠦᠲᠦᠮᠵᠢ ᠤᠯᠵᠠᠢ᠂ ᠲᠠᠷᠠᠭᠠᠴᠢ ᠶᠢᠨ ᠠᠯᠬᠤᠮ ᠳᠤ ᠵᠠᠭᠠᠯᠳᠤᠯᠭ᠎ᠠ ᠪᠠ ᠡᠶᠡᠳᠡᠭᠦᠯᠭᠡ ᠶᠢ ᠵᠣᠯᠭᠠᠭᠤᠯᠬᠤ ᠠᠵᠢᠯ ᠢ ᠥᠷᠨᠢᠭᠦᠯᠬᠦ ᠳᠤ ᠪᠠᠲᠤ ᠪᠠᠬᠢ ᠰᠠᠭᠤᠷᠢ ᠲᠠᠯᠪᠢᠵᠤ ᠥᠭᠴᠡᠢ᠃ ᠪᠣᠷᠣ ᠲᠥᠯᠥᠪ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ︽ᠵᠠᠭᠠᠯᠳᠤᠯᠭ᠎ᠠ ᠪᠠ ᠡᠶᠡᠳᠡᠭᠦᠯᠭᠡ︾ ᠪᠠᠷ ᠭᠠᠷᠳᠠᠴᠠ ᠪᠣᠯᠭᠠᠵᠤ᠂ ᠰᠢᠭᠦᠬᠦ ᠬᠤᠷᠢᠶᠠᠨ ᠤ ᠰᠢᠰᠲ᠋ᠧᠮ ᠯᠦᠭᠡ ᠶᠢᠨ ᠵᠣᠬᠢᠴᠠᠯᠳᠤᠯ ᠬᠠᠮᠲᠤᠷᠠᠯᠴᠠᠭ᠎ᠠ ᠶᠢ ᠴᠢᠩᠭᠠᠳᠬᠠᠵᠤ᠂ ᠲᠤᠰᠬᠠᠢ ᠡᠶᠡᠳᠡᠭᠦᠯᠭᠡ ᠶᠢᠨ ᠡᠩᠨᠡᠭᠡ ᠶᠢ ᠪᠠᠶᠢᠭᠤᠯᠵᠤ᠂ ᠪᠠᠷᠢᠮᠵᠢᠶᠠᠵᠢᠭᠤᠯᠤᠯᠲᠠ ᠲᠡᠶᠢᠰᠢ ᠤᠷᠤᠭᠰᠢᠯᠠᠵᠤ᠂ ᠵᠠᠭᠠᠯᠳᠤᠯᠭ᠎ᠠ ᠪᠠ ᠡᠶᠡᠳᠡᠭᠦᠯᠭᠡ ᠶᠢ ᠵᠣᠯᠭᠠᠭᠤᠯᠬᠤ ᠠᠵᠢᠯ ᠢ ᠤᠯᠠᠮ ᠨᠢᠭᠡ ᠠᠯᠬᠤᠮ ᠥᠷᠨᠢᠭᠦᠯᠬᠦ ᠳᠤ ᠴᠢᠭᠯᠡᠯ ᠢ ᠲᠣᠳᠣᠷᠬᠠᠢ ᠵᠢᠭᠠᠵᠤ᠂ ᠠᠷᠠᠳ ᠤᠯᠠᠨ ᠤ ᠣᠶᠢᠯᠠᠭᠠᠬᠤ ᠬᠡᠮᠵᠢᠶ᠎ᠡ ᠪᠠ ᠢᠲᠡᠭᠡᠬᠦ ᠬᠡᠮᠵᠢᠶ᠎ᠡ ᠶᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠨᠡᠶᠢᠭᠡᠮ ᠳᠤ ᠨᠡᠩ ᠰᠠᠶᠢᠨ ᠦᠢᠯᠡᠴᠢᠯᠡᠭᠡ ᠬᠠᠩᠭᠠᠬᠤ ᠬᠡᠷᠡᠭᠲᠡᠢ ᠭᠡᠵᠤ ᠴᠢᠬᠤᠯᠠᠴᠢᠯᠠᠪᠠ᠃
W020240918331804508878.png
    ᠪᠡᠭᠡᠵᠢᠩ᠂ ᠥᠪᠥᠷ ᠮᠣᠩᠭᠤᠯ᠂ ᠵᠧᠵᠢᠶᠠᠩ᠂ ᠹᠦᠵᠢᠶᠠᠨ᠂ ᠱᠠᠨᠳᠦ᠋ᠩ᠂ ᠭᠤᠸᠠᠩᠳᠦ᠋ᠩ ᠵᠡᠷᠭᠡ ᠲᠤᠷᠰᠢᠯᠲᠠ ᠶᠢᠨ ᠮᠤᠵᠢ ︵ᠬᠤᠲᠠ︶ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠨ ᠬᠤᠯᠪᠣᠭᠳᠠᠯ ᠪᠦᠬᠦᠢ ᠨᠥᠬᠦᠳ᠂ ᠪᠥᠬᠦ ᠤᠯᠤᠰ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠢᠷᠭᠡᠨ ᠤ ᠬᠡᠷᠡᠭ ᠤᠨ ᠵᠢᠭᠤᠷᠠᠯᠳᠤᠭᠠᠨ ᠢ ᠡᠶᠡᠳᠡᠭᠦᠯᠬᠦ ᠶᠠᠪᠤᠳᠠᠯ ᠤᠨ ᠬᠠᠮᠲᠤᠷᠠᠨ ᠵᠣᠬᠢᠴᠠᠭᠤᠯᠬᠤ ᠺᠣᠮᠢᠰ ᠵᠢᠴᠢ ᠡᠯ᠎ᠡ ᠲᠤᠷᠰᠢᠯᠲᠠ ᠶᠢᠨ ᠮᠤᠵᠢ ︵ᠬᠤᠲᠠ︶ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠢᠷᠭᠡᠨ ᠤ ᠬᠡᠷᠡᠭ ᠤᠨ ᠵᠢᠭᠤᠷᠠᠯᠳᠤᠭᠠᠨ ᠢ ᠡᠶᠡᠳᠡᠭᠦᠯᠬᠦ ᠶᠠᠪᠤᠳᠠᠯ ᠤᠨ ᠬᠠᠮᠲᠤᠷᠠᠨ ᠵᠣᠬᠢᠴᠠᠭᠤᠯᠬᠤ ᠺᠣᠮᠢᠰ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ᠂ ᠬᠥᠬᠡᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃  
ᠢᠷᠡᠯᠲᠡ᠄ ᠲᠢᠩᠬᠢᠮ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠭᠠᠵᠠᠷ
Baidu
map