ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ 2024 ᠣᠨ ᠤ ᠬᠡᠳᠦ ᠣᠷᠳᠣ ᠬᠤᠭᠤᠴᠠᠭᠠᠨ ᠤ ᠣᠨᠴᠠᠭᠠᠶ ᠤᠯᠤᠰ ᠤᠨ ᠵᠢᠭᠡᠯᠡᠯᠭᠡ ᠶᠢᠨ ᠳᠡᠮᠵᠢᠯᠭᠡ ᠶᠢᠨ ᠲᠥᠷᠥᠯ ᠵᠦᠢᠯ ᠢ ᠠᠬᠢᠭᠤᠯᠤᠭᠰᠠᠨ ᠪᠠᠶᠢᠳᠠᠯ ᠤᠨ ᠲᠤᠬᠢᠷᠠᠭᠤᠯᠤᠯᠳᠠ ᠶᠢᠨ ᠸᠢᠳᠢᠤ᠋ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/19
    ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ 2024 ᠣᠨ ᠤ ᠬᠡᠳᠦ ᠣᠷᠳᠣ ᠬᠤᠭᠤᠴᠠᠭᠠᠨ ᠤ ᠣᠨᠴᠠᠭᠠᠶ ᠤᠯᠤᠰ ᠤᠨ ᠵᠢᠭᠡᠯᠡᠯᠭᠡ ᠶᠢᠨ ᠪᠡᠯᠡ ᠮᠥᠩᠭᠦ ᠶᠢᠨ ᠳᠡᠮᠵᠢᠯᠭᠡ ᠶᠢᠨ ᠲᠥᠷᠥᠯ ᠵᠦᠢᠯ ᠤᠨ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠥᠪ ᠤᠨ ᠪᠡᠯᠡ ᠮᠥᠩᠭᠦ ᠶᠢᠨ ᠶᠡᠷᠦᠩᠬᠡᠶᠢᠯᠡᠭᠰᠡᠨ ᠦᠷ᠎ᠡ ᠠᠰᠢᠭ ᠢ ᠳᠡᠭᠡᠭᠰᠢᠯᠡᠭᠦᠯᠬᠦ ᠪᠠ ᠪᠠᠲᠤᠯᠠᠬᠤ ᠶᠢᠨ ᠲᠥᠯᠥᠭᠡ᠂ 9 ᠳ᠋ᠤᠭᠡᠷ ᠰᠠᠷ᠎ᠠ ᠶᠢᠨ 13 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ 2024 ᠣᠨ ᠤ ᠬᠡᠳᠦ ᠣᠷᠳᠣ ᠬᠤᠭᠤᠴᠠᠭᠠᠨ ᠤ ᠣᠨᠴᠠᠭᠠᠶ ᠤᠯᠤᠰ ᠤᠨ ᠵᠢᠭᠡᠯᠡᠯᠭᠡ ᠶᠢᠨ ᠳᠡᠮᠵᠢᠯᠭᠡ ᠶᠢᠨ ᠲᠥᠷᠥᠯ ᠵᠦᠢᠯ ᠢ ᠠᠬᠢᠭᠤᠯᠤᠭᠰᠠᠨ ᠪᠠᠶᠢᠳᠠᠯ ᠤᠨ ᠲᠤᠬᠢᠷᠠᠭᠤᠯᠤᠯᠳᠠ ᠶᠢᠨ ᠸᠢᠳᠢᠤ᠋ ᠬᠤᠷᠠᠯ ᠬᠤᠷᠠᠯᠳᠤᠭᠤᠯᠵᠠᠢ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠢᠦᠢ ᠰᠢᠨ ᠹᠠᠩ ᠬᠤᠷᠠᠯ ᠡᠷᠭᠢᠯᠡᠪᠡ
W020240918329464944043.png
    ᠬᠤᠷᠠᠯ ᠠᠴᠠ᠂ ᠡᠯ᠎ᠡ ᠠᠶᠢᠮᠠᠭ ᠬᠤᠲᠠ ᠶᠢᠨ 2024 ᠣᠨ ᠤ ᠬᠡᠳᠦ ᠣᠷᠳᠣ ᠬᠤᠭᠤᠴᠠᠭᠠᠨ ᠤ ᠣᠨᠴᠠᠭᠠᠶ ᠤᠯᠤᠰ ᠤᠨ ᠵᠢᠭᠡᠯᠡᠯᠭᠡ ᠶᠢᠨ ᠪᠡᠯᠡ ᠮᠥᠩᠭᠦ ᠶᠢᠨ ᠳᠡᠮᠵᠢᠯᠭᠡ ᠶᠢᠨ ᠲᠥᠷᠥᠯ ᠵᠦᠢᠯ ᠢ ᠲᠦᠯᠬᠢᠨ ᠠᠬᠢᠭᠤᠯᠤᠭᠰᠠᠨ ᠪᠠᠶᠢᠳᠠᠯ ᠢ ᠵᠠᠷᠯᠠᠨ ᠮᠡᠳᠡᠭᠳᠡᠵᠦ᠂ ᠲᠥᠷᠥᠯ ᠵᠦᠢᠯ ᠤᠨ ᠠᠬᠢᠴᠠ ᠳᠤ ᠵᠦᠢᠯ ᠳᠠᠷᠠᠭᠠᠯᠠᠨ ᠲᠤᠬᠢᠷᠠᠭᠤᠯᠤᠯᠳᠠ ᠬᠢᠪᠡ᠃ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠠᠵᠢᠯ ᠤᠨ ᠰᠡᠳᠬᠢᠴᠡ ᠪᠠᠨ ᠬᠤᠪᠢᠷᠠᠭᠤᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ︽ᠠᠵᠢᠯ ᠲᠥᠷᠥᠯ ᠤᠨ ᠬᠠᠮᠢᠶᠠᠷᠤᠯᠳᠠ ᠳᠤ ᠡᠷᠬᠡᠪᠰᠢ ᠲᠥᠷᠥᠯ ᠵᠦᠢᠯ ᠢ ᠬᠠᠮᠢᠶᠠᠷᠬᠤ︾ ᠵᠠᠷᠴᠢᠮ ᠢ ᠪᠠᠷᠢᠮᠲᠠᠯᠠᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠨ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠭᠦᠢᠴᠡᠳ ᠪᠠᠳᠠᠷᠠᠭᠤᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠥᠬᠦ ᠣᠷᠣᠨ ᠤ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠲᠤᠳᠠᠭᠳᠠᠯ ᠢ ᠨᠥᠬᠦᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠵᠤ᠂ ᠤᠳᠤ ᠶᠢᠨ ᠪᠠᠶᠢᠭ᠎ᠠ ᠲᠦᠷᠦᠯ ᠵᠦᠢᠯ ᠤᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠬᠦᠴᠦ ᠪᠠᠨ ᠲᠥᠪᠯᠡᠷᠡᠭᠦᠯᠦᠨ ᠰᠠᠶᠢᠲᠤᠷ ᠠᠳᠬᠤᠵᠤ᠂ ᠬᠠᠷᠢᠭᠤᠴᠠᠯᠭ᠎ᠠ ᠬᠠᠷᠠᠯᠲᠠ ᠪᠠᠨ ᠲᠣᠳᠣᠷᠬᠠᠶᠢᠯᠠᠵᠤ᠂ ᠠᠵᠢᠯ ᠤᠨ ᠬᠤᠭᠤᠴᠠᠭ᠎ᠠ ᠪᠠᠨ ᠲᠣᠩᠭᠤᠷᠠᠭᠤᠯᠤᠨ ᠪᠠᠶᠢᠷᠢᠯᠠᠭᠤᠯᠵᠤ᠂ ᠣᠨ ᠤ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠃ ᠤᠷᠢᠳᠴᠢᠯᠠᠨ ᠠᠷᠭ᠎ᠠ ᠤᠬᠠᠭᠠᠨ ᠰᠦᠪᠡᠭᠴᠢᠯᠡᠵᠦ᠂ ᠭᠤᠣᠯᠳᠠᠯᠭ᠎ᠠ ᠲᠠᠢ ᠬᠦᠷᠢᠶᠡᠨ ᠤ ᠲᠦᠷᠦᠯ ᠵᠦᠢᠯ ᠢ ᠠᠷᠭ᠎ᠠ ᠤᠬᠠᠭᠠᠨ ᠰᠦᠪᠡᠭᠴᠢᠯᠡᠬᠦ᠂ ᠨᠥᠭᠡᠴᠡᠯᠡᠬᠦ᠂ ᠰᠢᠯᠢᠨ ᠰᠣᠩᠭᠤᠬᠤ ᠪᠠ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠭᠦᠢᠴᠡᠳᠬᠡᠬᠦ ᠵᠡᠷᠭᠡ ᠠᠵᠢᠯ ᠢ ᠰᠠᠶᠢᠲᠤᠷ ᠬᠢᠵᠦ᠂ ᠤᠯᠤᠰ ᠤᠨ ︽ᠬᠤᠶᠠᠷ ᠴᠢᠬᠤᠯᠠ ᠪᠦᠳᠦᠭᠡᠨ ᠪᠠᠶᠢᠭᠤᠯᠤᠯᠳᠠ︾ ︽ᠬᠤᠶᠠᠷ ᠢ ᠰᠢᠨᠡᠴᠢᠯᠡᠬᠦ︾ ᠵᠡᠷᠭᠡ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃    ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠬᠠᠮᠢᠶ᠎ᠠ ᠪᠦᠬᠦᠢ ᠭᠠᠵᠠᠷ ᠭᠡᠷ ᠤᠨ ᠬᠠᠮᠢᠶ᠎ᠠ ᠪᠦᠬᠦᠢ ᠨᠥᠬᠦᠳ ᠭᠤᠣᠯ ᠬᠤᠷᠠᠯ ᠤᠨ ᠲᠠᠯᠠᠪᠠᠶ ᠳᠤ ᠣᠷᠣᠯᠴᠠᠪᠠ᠃ ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠵᠢᠴᠢ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠠᠵᠢᠯ ᠤᠨ ᠬᠠᠷᠢᠭᠤᠴᠠᠯᠭᠠᠲᠠᠨ ᠨᠥᠬᠦᠳ ᠬᠤᠪᠢᠶᠠᠷᠢ ᠬᠤᠷᠠᠯ ᠤᠨ ᠲᠠᠯᠠᠪᠠᠶ ᠳᠤ ᠣᠷᠣᠯᠴᠠᠪᠠ᠃ 
ᠢᠷᠡᠯᠲᠡ᠄ ᠲᠢᠩᠬᠢᠮ ᠤᠨ ᠲᠦᠯᠦᠪᠯᠡᠯᠭᠡᠳᠦ ᠡᠳ᠋ ᠤᠨ ᠶᠠᠪᠤᠳᠠᠯ ᠤᠨ ᠭᠠᠵᠠᠷ
Baidu
map