ᠡᠷᠭᠦᠨ᠎ᠡ ᠬᠤᠲᠠ ᠶᠢᠨ ᠲᠤᠯᠠᠭᠠᠯᠭ᠎ᠠ ᠶᠢᠨ ᠢᠨᠵᠧᠨᠧᠷᠢᠩ ᠤᠨ ᠠᠵᠢᠯ ᠲᠠᠭᠤᠰᠪᠠ
ᠨᠡᠶᠢᠲᠡᠯᠡᠭᠰᠡᠨ ᠴᠠᠭ᠄
2024/9/2
    8 ᠳ᠋ᠤᠭᠠᠷ ᠰᠠᠷ᠎ᠠ ᠶᠢᠨ 20 ᠤ ᠡᠳᠦᠷ᠂ ᠡᠷᠭᠦᠨ᠎ᠠ ᠬᠤᠲᠠ ᠶᠢᠨ ᠳᠤᠯᠠᠭᠠᠯᠠᠭ᠎ᠠ ᠶᠢᠨ ᠢᠨᠵᠧᠨᠧᠷᠢᠩ ᠤᠨ ᠠᠵᠢᠯ ᠪᠥᠬᠦ ᠵᠢᠯ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠪᠠᠨ ᠪᠡᠶᠡᠯᠡᠭᠦᠯᠵᠦ᠂ ᠨᠡᠶᠢᠲᠡ 3.64 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ 3 × 75 ᠲᠣᠨ ᠠᠭᠤᠷ ᠤᠨ ᠭᠦᠸᠧᠯᠦ ᠪᠠ 2 × 12 ᠰᠠᠶ᠎ᠠ ᠸᠠᠲ ᠤᠨ ᠠᠭᠤᠷ ᠤᠨ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠵᠢᠩᠬᠢᠨᠢ ᠪᠠᠷ ᠠᠰᠢᠭᠯᠠᠯᠲᠠ ᠳᠤ ᠣᠷᠣᠵᠤ᠂ ᠢᠯᠴᠢ ᠶᠢᠨ ᠢᠷᠡᠯᠲᠡ ᠶᠢᠨ ᠪᠠᠲᠤᠯᠠᠭ᠎ᠠ ᠶᠢᠨ ᠴᠢᠳᠠᠪᠤᠷᠢ ᠨᠢ ᠨᠢᠳᠤᠨᠤᠨ ᠤ ᠬᠢ ᠠᠴᠠ 80 ᠲᠦᠮᠡᠨ ᠲᠡᠭᠰᠢ ᠳᠥᠷᠪᠡᠯᠵᠢᠨ ᠮᠧᠲᠷ ᠳᠡᠭᠡᠭᠰᠢᠯᠡᠪᠡ᠃ ᠨᠡᠶᠢᠲᠡ ᠨᠢᠭᠡᠳᠡᠬᠢ ᠬᠤᠭᠤᠯᠠᠢ ᠲᠤᠤᠷ 1 ᠺᠢᠯᠤᠮᠧᠲᠷ᠂ ᠬᠤᠶᠠᠳᠡᠬᠢ᠂ ᠭᠤᠷᠪᠠᠳᠡᠬᠢ ᠬᠠᠭᠤᠴᠢᠷᠠᠭᠰᠠᠨ ᠢᠯᠴᠢ ᠬᠠᠩᠭᠠᠬᠤ ᠬᠤᠭᠤᠯᠠᠶ ᠲᠣᠤᠷ 6.5 ᠺᠢᠯᠤᠮᠧᠲᠷ ᠦᠭᠡᠷᠡᠴᠢᠯᠡᠨ ᠰᠠᠶᠢᠵᠢᠷᠠᠭᠤᠯᠵᠤ᠂ ᠢᠯᠴᠢ ᠬᠠᠩᠭᠠᠬᠤ ᠡᠯ᠎ᠡ ᠲᠥᠷᠥᠯ ᠤᠨ ᠬᠤᠭᠤᠯᠠᠢ ᠲᠤᠤᠷ ᠡᠯ᠎ᠡ ᠲᠦᠷᠦᠯ ᠤᠨ ᠨᠡᠭᠡᠯᠡᠬᠡᠶ ᠲᠦᠭᠦᠭᠡᠷᠦᠮᠵᠢ ᠶᠢᠨ ᠬᠤᠳᠳᠤᠭ ᠶᠢ ᠨᠡᠶᠢᠲᠡ 65 ᠶᠢ ᠥᠭᠡᠷᠡᠴᠢᠯᠡᠨ ᠰᠠᠶᠢᠵᠢᠷᠠᠭᠤᠯᠵᠤ ᠲᠠᠰ ᠳᠡᠪᠰᠢᠭᠦᠯᠪᠡ︔ 2 ᠢᠯᠴᠢ ᠰᠣᠯᠢᠯᠴᠠᠬᠤ ᠥᠷᠲᠡᠭᠡ ᠶᠢ ᠰᠢᠨ᠎ᠡ ᠪᠠᠷ ᠪᠠᠶᠢᠭᠤᠯᠪᠠ︔ ᠬᠠᠭᠤᠴᠢᠨ ᠰᠠᠭᠤᠭᠠᠯᠢ ᠲᠣᠭᠤᠷᠢᠭ ᠤᠨ ᠢᠯᠴᠢ ᠬᠠᠩᠭᠠᠬᠤ ᠪᠤᠰᠤᠭ᠎ᠠ ᠬᠤᠭᠤᠯᠠᠶ ᠶᠢ 35.89 ᠺᠢᠯᠤᠮᠧᠲᠷ ᠥᠭᠡᠷᠡᠴᠢᠯᠡᠨ ᠵᠠᠰᠠᠵᠤ᠂ 17 ᠰᠠᠭᠤᠭᠠᠯᠢ ᠠᠷᠠᠳ ᠲᠣᠭᠤᠷᠢᠭ ᠤᠨ 36 ᠣᠷᠣᠨ ᠰᠠᠭᠤᠴᠠ ᠶᠢᠨ ᠠᠰᠠᠷ᠂ 138 ᠨᠢᠭᠡᠴᠢ ᠶᠢᠨ 1268 ᠡᠷᠦᠬᠡ ᠳᠤ ᠠᠰᠢᠭ ᠬᠦᠷᠲᠡᠭᠡᠪᠡ᠃    ᠡᠷᠭᠦᠨ᠎ᠡ ᠬᠤᠲᠠ ᠶᠢᠨ ᠢᠯᠴᠢ ᠬᠠᠩᠭᠠᠯᠭ᠎ᠠ ᠶᠢᠨ ᠤᠯᠠᠷᠢᠯ ᠤᠨ ᠤᠷᠲᠤ ᠨᠢ 9 ᠰᠠᠷ᠎ᠠ ᠳᠤ ᠪᠠᠶᠢᠵᠦ᠂ ᠵᠢᠯ ᠪᠦᠷᠢ ᠶᠢᠨ 9 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠢᠯᠴᠢ ᠬᠠᠩᠭᠠᠵᠤ᠂ ᠳᠠᠷᠠᠭ᠎ᠠ ᠵᠢᠯ ᠤᠨ 5 ᠳ᠋ᠤᠭᠠᠷ ᠰᠠᠷ᠎ᠠ ᠶᠢᠨ 30 ᠤ ᠡᠳᠦᠷ ᠲᠤᠯᠠᠭᠠᠯᠭ᠎ᠠ ᠪᠠᠨ ᠵᠤᠭᠰᠤᠭᠠᠨ᠎ᠠ᠂ ᠲᠤᠯᠠᠭᠠᠯᠭ᠎ᠠ ᠶᠢᠨ ᠢᠨᠵᠧᠨᠧᠷᠢᠩ ᠢ ᠬᠡᠷᠡᠭᠵᠢᠭᠦᠯᠬᠦ ᠶᠠᠪᠤᠴᠠ ᠳᠤ᠂ ᠡᠷᠭᠦᠨ᠎ᠡ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠨᠢᠭᠡᠳᠦᠭᠡᠷ ᠹᠷᠣᠨᠲ ᠲᠤ ᠵᠢᠯᠣᠭᠤᠳᠤᠨ ᠲᠣᠬᠢᠷᠠᠭᠤᠯᠬᠤ ᠶᠢ ᠪᠠᠷᠢᠮᠲᠠᠯᠠᠵᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠰᠡᠳᠭᠢᠯ ᠨᠢᠭᠡᠳᠦᠨ ᠬᠦᠴᠦ ᠪᠠᠨ ᠬᠠᠮᠳᠤᠳᠬᠠᠵᠤ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ 3 ᠰᠠᠷ᠎ᠠ ᠬᠦᠷᠬᠦ ᠦᠭᠡᠢ ᠪᠦᠲᠦᠮᠵᠢᠲᠡᠢ ᠠᠵᠢᠯ ᠤᠨ ᠬᠤᠭᠤᠴᠠᠭᠠᠨ ᠳᠤ ᠪᠦᠲᠦᠭᠡᠨ ᠪᠠᠶᠢᠭᠤᠯᠵᠤ ᠥᠭᠡᠷᠡᠴᠢᠯᠡᠬᠦ ᠲᠦᠯᠦᠪᠯᠡᠯᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃ ᠡᠭᠦᠨ ᠤ ᠬᠠᠮᠲᠤ᠂ ᠰᠠᠭᠤᠭᠠᠯᠢ ᠠᠷᠠᠳ ᠤᠨ ᠲᠣᠭᠤᠷᠢᠭ ᠤᠨ ᠠᠰᠠᠷ ᠤᠨ ᠬᠤᠩᠬᠢᠯ ᠳᠣᠲᠣᠷᠠᠬᠢ ᠢᠯᠴᠢ ᠬᠠᠩᠭᠠᠬᠤ ᠬᠤᠭᠤᠯᠠᠶ ᠲᠣᠤᠷ ᠤᠨ ᠣᠷᠳᠣ ᠬᠤᠭᠤᠴᠠᠭ᠎ᠠ ᠪᠠᠷ ᠪᠣᠬᠢᠷ ᠤᠰᠤᠨ ᠳᠤ ᠲᠡᠪᠳᠤᠬᠦ ᠠᠰᠠᠭᠤᠳᠠᠯ ᠢ ᠲᠦᠢᠯᠪᠤᠷᠢᠲᠠᠶ ᠰᠢᠢᠳᠪᠦᠷᠢᠯᠡᠬᠦ ᠶᠢᠨ ᠲᠥᠯᠥᠭᠡ᠂ ᠠᠰᠠᠷ ᠤᠨ ᠬᠤᠩᠭᠢᠯ ᠤᠨ ᠳᠣᠲᠣᠷᠠᠬᠢ ᠤᠰᠤ ᠭᠠᠳᠠᠭᠰᠢᠯᠠᠭᠤᠯᠬᠤ ᠬᠤᠭᠤᠯᠠᠶ ᠲᠣᠤᠷ ᠢ ᠨᠡᠶᠢᠲᠡ 0.65 ᠺᠢᠯᠤᠮᠧᠲᠷ ᠦᠭᠡᠷᠡᠴᠢᠯᠡᠪᠡ᠃    ᠲᠤᠯᠠᠭᠠᠯᠭ᠎ᠠ ᠶᠢᠨ ᠢᠨᠵᠧᠨᠧᠷᠢᠩ ᠤᠨ ᠪᠦᠲᠦᠮᠵᠢᠲᠡᠶ ᠬᠡᠷᠡᠭᠵᠢᠭᠦᠯᠬᠦ ᠪᠠᠷ ᠳᠠᠮᠵᠢᠭᠤᠯᠤᠨ᠂ ᠡᠷᠭᠦᠨ᠎ᠡ ᠬᠤᠲᠠ ᠶᠢᠨ ᠢᠯᠴᠢ ᠬᠠᠩᠭᠠᠬᠤ ᠠᠵᠢᠯ ᠢ ᠲᠦᠢᠯ ᠤᠨ ᠶᠡᠭᠡ ᠪᠠᠷ ᠰᠠᠶᠢᠵᠢᠷᠠᠭᠤᠯᠵᠤ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠡᠪᠦᠯ ᠤᠨ ᠤᠯᠠᠷᠢᠯ ᠤᠨ ᠢᠯᠴᠢ ᠬᠠᠩᠭᠠᠬᠤ ᠠᠰᠠᠭᠤᠳᠠᠯ ᠢ ᠴᠤ ᠪᠦᠲᠦᠮᠵᠢᠲᠡᠶ ᠰᠢᠢᠳᠪᠦᠷᠢᠯᠡᠵᠦ᠂ ᠬᠤᠲᠠ ᠶᠢᠨ ᠪᠦᠬᠦᠯᠢ ᠴᠣᠭᠴᠠ ᠶᠢᠨ ᠢᠯᠴᠢ ᠬᠠᠩᠭᠠᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ ᠂ ᠡᠷᠭᠦᠨ᠎ᠡ ᠬᠤᠲᠠ ᠠᠵᠢᠯᠯᠠᠭᠠᠨ ᠤ ᠦᠷ᠎ᠡ ᠪᠦᠲᠦᠮᠵᠢ ᠶᠢ ᠦᠨᠳᠦᠰᠦᠯᠡᠨ᠂ ᠢᠯᠴᠢ ᠬᠠᠩᠭᠠᠬᠤ ᠦᠢᠯᠡᠴᠢᠯᠡᠭᠡ ᠪᠠᠨ ᠲᠠᠰᠤᠷᠠᠯᠲᠠ ᠥᠬᠡᠶ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠰᠠᠭᠤᠭᠠᠯᠢ ᠠᠷᠠᠳ ᠲᠤ ᠨᠠᠩ ᠳᠤᠯᠠᠭᠠᠨ ᠲᠠᠭᠠᠯᠠᠮᠵᠢᠲᠠᠶ ᠠᠮᠢᠳᠤᠷᠠᠯ ᠤᠨ ᠣᠷᠴᠢᠨ ᠲᠣᠭᠤᠷᠢᠨ ᠢ ᠪᠣᠶ ᠪᠣᠯᠭᠠᠵᠤ ᠥᠭᠭᠦᠨ᠎ᠡ᠃ 
ᠢᠷᠡᠯᠲᠡ᠄ ᠬᠥᠯᠥᠨ ᠪᠤᠶᠢᠷ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ
Baidu
map