ᠰᠢ ᠶᠢᠨ ᠫᠢᠩ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ ᠴᠢᠬᠤᠯᠠᠴᠢᠯᠠᠭᠰᠠᠨ ᠨᠢ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠢᠯᠡᠳᠲᠡ ᠤᠯᠤᠰ ᠲᠦᠷᠦ ᠶᠢᠨ ᠳᠠᠪᠠᠭᠤᠯᠢᠭ ᠢ ᠨᠡᠩ ᠭᠦᠢᠴᠡᠳ ᠪᠠᠳᠠᠷᠠᠭᠤᠯᠵᠤ ᠠᠮᠢᠳᠤ ᠴᠣᠪᠣᠭᠤᠯᠢᠭ ᠲᠦᠪᠰᠢᠷᠡᠨ ᠪᠦᠯᠬᠦᠮᠳᠡᠭᠰᠡᠨ ᠤᠯᠤᠰ ᠲᠥᠷᠥ ᠶᠢᠨ ᠪᠠᠶᠢᠳᠠᠯ ᠢ ᠲᠠᠰᠤᠷᠠᠯᠲᠠ ᠦᠭᠡᠢ ᠪᠠᠬᠢᠵᠢᠭᠦᠯᠦᠨ ᠬᠥᠭᠵᠢᠭᠦᠯᠬᠦ ᠬᠡᠷᠡᠭᠲᠡᠢ ᠯᠢ ᠴᠢᠶᠠᠩ ᠵᠤᠤ ᠯᠧ ᠵᠢᠢ ᠼᠠᠢ ᠴᠢ ᠳ᠋ᠢᠩ ᠰᠢᠤᠸᠠᠢ ᠰᠢᠶᠠᠩ ᠯᠢ ᠰᠢ ᠬᠠᠨ ᠵᠧᠩ ᠨᠠᠷ ᠣᠷᠣᠯᠴᠠᠵᠠᠢ ᠸᠠᠩ ᠬᠤ᠋ ᠨᠢᠩ ᠬᠤᠷᠠᠯ ᠢ ᠡᠷᠭᠢᠯᠡᠪᠡ
ᠨᠡᠶᠢᠲᠡᠯᠡᠭᠰᠡᠨ ᠴᠠᠭ᠄
2024/9/23
      ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 20 ᠤ ᠴᠠᠬᠢᠯᠭᠠᠨ ᠮᠡᠳᠡᠭᠡ  ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠂ ᠪᠥᠬᠦ ᠤᠯᠤᠰ ᠤᠨ ᠤᠯᠤᠰ ᠲᠥᠷᠥ ᠶᠢᠨ ᠵᠦᠪᠯᠡᠯᠭᠡᠨ 20 ᠤ ᠦᠳᠡ ᠶᠢᠨ ᠡᠮᠦᠨ᠎ᠡ ᠪᠥᠬᠦ ᠤᠯᠤᠰ ᠤᠨ ᠤᠯᠤᠰ ᠲᠥᠷᠥ ᠶᠢᠨ ᠵᠦᠪᠯᠡᠯᠭᠡᠨ ᠤ ᠶᠣᠰᠣᠯᠠᠯ ᠤᠨ ᠲᠠᠩᠬᠢᠮ ᠳᠤ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠦᠪᠯᠡᠯᠭᠡᠨ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠢ ᠦᠪᠡᠳᠡᠭᠰᠢ ᠶᠡᠭᠡ ᠪᠠᠷ ᠬᠤᠷᠠᠯᠳᠤᠭᠤᠯᠪᠠ ᠃ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠶᠡᠭᠡ ᠬᠤᠷᠠᠯ ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ ᠃ ᠲᠡᠷᠡ ᠂ ᠪᠢᠳᠡ ᠵᠠᠮ ᠤᠨ ᠢᠲᠡᠭᠡᠯ ᠂ ᠤᠨᠤᠯ ᠤᠨ ᠢᠲᠡᠭᠡᠯ ᠂ ᠪᠠᠶᠢᠭᠤᠯᠤᠯ ᠤᠨ ᠢᠲᠡᠭᠡᠯ ᠂ ᠰᠣᠶᠣᠯ ᠤᠨ ᠢᠲᠡᠭᠡᠯ ᠢᠶᠠᠨ ᠨᠡᠩ ᠪᠠᠲᠤᠳᠬᠠᠵᠤ ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠦᠭᠵᠢᠬᠦᠯᠬᠦ ᠳᠤᠮᠳᠠ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠢᠯᠡᠳᠲᠡ ᠤᠯᠤᠰ ᠲᠦᠷᠦ ᠶᠢᠨ ᠳᠠᠪᠠᠭᠤᠯᠢᠭ ᠢ ᠨᠡᠩ ᠭᠦᠢᠴᠡᠳ ᠪᠠᠳᠠᠷᠠᠭᠤᠯᠵᠤ ᠂ ᠠᠮᠢᠳᠤ ᠴᠣᠪᠣᠭᠤᠯᠢᠭ ᠂ ᠲᠦᠪᠰᠢᠷᠡᠨ ᠪᠦᠯᠬᠦᠮᠳᠡᠭᠰᠡᠨ ᠤᠯᠤᠰ ᠲᠦᠷᠦ ᠶᠢᠨ ᠪᠠᠶᠢᠳᠠᠯ ᠢ ᠲᠠᠰᠤᠷᠠᠯᠲᠠ ᠦᠭᠡᠢ ᠪᠠᠬᠢᠵᠢᠭᠦᠯᠦᠨ ᠬᠥᠭᠵᠢᠭᠦᠯᠬᠦ ᠬᠡᠷᠡᠭᠲᠡᠢ ᠬᠡᠵᠥ ᠴᠢᠬᠤᠯᠠᠴᠢᠯᠠᠪᠠ ᠃  ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠯᠢ ᠴᠢᠶᠠᠩ ᠂ ᠵᠤᠤ ᠯᠧ ᠵᠢᠢ ᠂ ᠼᠠᠢ ᠴᠢ ᠂ ᠳ᠋ᠢᠩ ᠰᠢᠤᠸᠠᠢ ᠰᠢᠶᠠᠩ ᠂ ᠯᠢ ᠰᠢ ᠂ ᠤᠯᠤᠰ ᠤᠨ ᠳᠡᠳ᠋ ᠲᠡᠷᠢᠭᠦᠯᠡᠭᠴᠢ ᠬᠠᠨ ᠵᠧᠩ ᠶᠡᠭᠡ ᠬᠤᠷᠠᠯ ᠳᠤ ᠣᠷᠣᠯᠴᠠᠪᠠ ᠃ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠸᠠᠩ ᠬᠤ᠋ ᠨᠢᠩ ᠶᠡᠭᠡ ᠬᠤᠷᠠᠯ ᠢ ᠡᠷᠭᠢᠯᠡᠪᠡ ᠃  ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠡᠬᠢᠯᠡᠪᠡ ᠃ ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠠᠢ ᠃ ᠲᠡᠷᠡ ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠠᠴᠠ ᠮᠠᠷᠺᠰ ᠯᠧᠨᠢᠨ ᠤ ᠦᠵᠡᠯ ᠤᠨ ᠨᠢᠭᠡᠳᠦᠮᠡᠯ ᠹᠷᠣᠨᠲ ᠤᠨ ᠤᠨᠦᠯ ᠂ ᠲᠦᠷᠦ ᠶᠢᠨ ᠨᠠᠮ ᠤᠨ ᠤᠨᠤᠯ ᠂ ᠠᠷᠠᠳᠴᠢᠯᠠᠭᠰᠠᠨ ᠤᠯᠤᠰ ᠲᠦᠷᠦ ᠶᠢᠨ ᠤᠨᠤᠯ ᠢ ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠭᠰᠠᠨ ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ ᠤᠶᠠᠯᠳᠤᠭᠤᠯᠤᠭᠰᠠᠨ ᠠᠭᠤᠤ ᠶᠡᠭᠡ ᠦᠷ᠎ᠡ ᠪᠦᠲᠦᠭᠡᠯ ᠮᠥᠨ ᠂ ᠳᠤᠮᠳᠠᠳᠤ ᠤᠯᠤᠰ ᠤᠨ ᠡᠪ ᠬᠠᠮᠲᠤ ᠨᠠᠮ ᠡᠯ᠎ᠡ ᠠᠷᠠᠳᠴᠢᠯᠠᠭᠰᠠᠨ ᠨᠠᠮ ᠪᠦᠯᠦᠭ ᠂ ᠨᠠᠮ ᠪᠦᠯᠦᠭ ᠤᠨ ᠪᠤᠰᠤ ᠬᠥᠮᠥᠰ ᠂ ᠠᠷᠠᠳ ᠤᠨ ᠪᠦᠯᠭᠦᠮ ᠪᠣᠯᠣᠨ ᠡᠯ᠎ᠡ ᠦᠨᠳᠦᠰᠦᠲᠡᠨ ᠡᠯ᠎ᠡ ᠡᠲᠡᠭᠡᠳ ᠤᠨ ᠬᠥᠮᠥᠰ ᠢ ᠤᠳᠤᠷᠢᠳᠤᠨ ᠤᠯᠤᠰ ᠲᠦᠷᠦ ᠶᠢᠨ ᠪᠠᠶᠢᠭᠤᠯᠤᠯ ᠤᠨ ᠲᠠᠯ᠎ᠠ ᠪᠠᠷ ᠬᠢᠭᠰᠡᠨ ᠠᠭᠤᠤ ᠶᠡᠭᠡ ᠡᠭᠦᠳᠦᠯᠲᠡ ᠪᠠᠶᠢᠵᠤ ᠂ ᠭᠦᠨ ᠵᠤᠵᠠᠭᠠᠨ ᠰᠣᠶᠣᠯ ᠤᠨ ᠰᠠᠭᠤᠷᠢ ᠂ ᠤᠨᠤᠯ ᠤᠨ ᠰᠠᠭᠤᠷᠢ ᠂ ᠦᠢᠯᠡᠳᠦᠯᠭᠡ ᠶᠢᠨ ᠰᠠᠭᠤᠷᠢ ᠲᠠᠢ ᠂ ᠢᠯᠡ ᠲᠣᠳᠣ ᠳᠤᠮᠳᠠᠳᠤ ᠤᠯᠤᠰ ᠤᠨ ᠣᠨᠴᠠᠯᠢᠭ ᠪᠠ ᠢᠯᠡᠳᠲᠡ ᠤᠯᠤᠰ ᠲᠥᠷᠥ ᠶᠢᠨ ᠳᠠᠪᠠᠭᠤᠯᠢᠭ ᠲᠠᠢ ᠶᠤᠮ ᠂ ᠰᠢᠨᠵᠢᠯᠡᠬᠦ ᠤᠬᠠᠭᠠᠨᠴᠢ ᠂ ᠪᠦᠳᠦᠮᠵᠢᠳᠡᠢ ᠂ ᠲᠤᠰᠠᠲᠠᠢ ᠪᠠᠶᠢᠭᠤᠯᠤᠯ ᠤᠨ ᠲᠣᠬᠢᠷᠠᠭᠤᠯᠤᠯᠲᠠ ᠮᠥᠨ ᠂ ᠬᠥᠮᠥᠨ ᠲᠥᠷᠥᠯᠬᠢᠲᠡᠨ ᠤ ᠤᠯᠤᠰ ᠲᠥᠷᠥ ᠶᠢᠨ ᠪᠠᠶᠢᠭᠤᠯᠤᠯ ᠤᠨ ᠬᠥᠭᠵᠢᠯᠲᠡ ᠶᠢᠨ ᠲᠡᠦᠬᠡᠨ ᠳᠡᠭᠡᠷ᠎ᠡ ᠥᠪᠡᠷᠮᠢᠴᠡ ᠤᠯᠤᠰ ᠲᠥᠷᠥ ᠶᠢᠨ ᠦᠨ᠎ᠡ ᠥᠷᠲᠡᠭ ᠲᠠᠢ ᠶᠤᠮ ᠭᠡᠳᠡᠭ ᠢ 75 ᠵᠢᠯ ᠤᠨ ᠲᠤᠷᠰᠢᠬᠢ ᠦᠢᠯᠡᠳᠦᠯᠭᠡ ᠭᠦᠢᠴᠡᠳ ᠭᠡᠷᠡᠴᠢᠯᠡᠵᠡᠢ ᠭᠡᠵᠦ ᠵᠢᠭᠠᠵᠤ ᠭᠠᠷᠭᠠᠪᠠ ᠃  ᠰᠢ ᠶᠢᠨ ᠫᠢᠩ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠂ ᠪᠢᠳᠡ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠪᠠᠶᠢᠳᠠᠯ ᠡᠭᠦᠷᠭᠡ ᠳᠤ ᠵᠣᠬᠢᠴᠠᠵᠤ ᠂ ᠦᠢᠯᠡᠳᠦᠯᠭᠡ ᠶᠢᠨ ᠰᠢᠨ᠎ᠡ ᠶᠢ ᠡᠭᠦᠳᠦᠭᠰᠡᠨ ᠰᠠᠭᠤᠷᠢᠨ ᠳᠡᠭᠡᠷ᠎ᠡ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠣᠨᠣᠯ ᠤᠨ ᠰᠢᠨ᠎ᠡ ᠡᠭᠦᠳᠦᠯᠲᠡ ᠶᠢ ᠠᠬᠢᠭᠤᠯᠵᠤ ᠂ ᠵᠢᠮ᠎ᠡ ᠶᠣᠰᠣᠴᠢ ᠴᠢᠨᠠᠷᠲᠠᠢ ᠲᠠᠨᠢᠯᠲᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠪᠡ ᠃ ᠭᠤᠣᠯᠳᠠᠭᠤ᠄ ᠠᠷᠠᠳ ᠤᠨ ᠤᠯᠤᠰ ᠲᠦᠷᠦ ᠶᠢᠨ ᠵᠥᠪᠯᠡᠯᠭᠡᠨ ᠳᠠᠬᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠰᠢᠨᠵᠢ ᠴᠢᠨᠠᠷ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠲᠤᠰᠬᠠᠢ ᠵᠥᠪᠯᠡᠬᠦ ᠪᠠᠶᠢᠭᠤᠯᠤᠮᠵᠢ ᠪᠤᠯᠬᠤ ᠦᠢᠯᠡᠳᠦᠯ ᠢ ᠪᠠᠳᠠᠷᠠᠭᠤᠯᠬᠤ ᠶᠢ ᠪᠠᠷᠢᠮᠲᠠᠯᠠᠵᠤ ᠂ ᠮᠠᠨ ᠤ ᠤᠯᠤᠰ ᠤᠨ ᠨᠡᠶᠢᠭᠡᠮ ᠵᠢᠷᠤᠮ ᠤᠨ ᠰᠢᠨ᠎ᠡ ᠭᠡᠯᠪᠡᠷᠢ ᠶᠢᠨ ᠲᠦᠷᠦ ᠶᠢᠨ ᠨᠠᠮ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ ᠂ ᠶᠡᠭᠡ ᠪᠦᠯᠬᠦᠮᠳᠡᠯ ᠶᠡᠭᠡ ᠬᠤᠯᠪᠣᠭᠠᠯᠠᠯ ᠢ ᠪᠠᠷᠢᠮᠲᠠᠯᠠᠵᠤ ᠂ ᠦᠵᠡᠯ ᠰᠠᠨᠠᠭ᠎ᠠ ᠤᠯᠤᠰ ᠲᠦᠷᠦ ᠶᠢᠨ ᠵᠢᠯᠣᠭᠤᠳᠤᠯᠭ᠎ᠠ ᠶᠢ ᠴᠢᠩᠭᠠᠳᠬᠠᠬᠤ ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠬᠤ ᠶᠢ ᠭᠤᠣᠯ ᠭᠤᠭᠴᠤᠭ᠎ᠠ ᠪᠤᠯᠭᠠᠬᠤ ᠶᠢ ᠪᠠᠷᠢᠮᠲᠠᠯᠠᠵᠤ ᠂ ᠨᠠᠮ ᠪᠠ ᠤᠯᠤᠰ ᠤᠨ ᠭᠤᠣᠯ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠷᠢᠮᠲᠠᠯᠠᠵᠤ ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠠᠷᠠᠳ ᠲᠦᠮᠡᠨ ᠤ ᠲᠥᠯᠥᠭᠡ ᠪᠠᠶᠢᠬᠤ ᠶᠢ ᠪᠠᠷᠢᠮᠲᠠᠯᠠᠵᠤ ᠂ ᠭᠡᠰᠢᠭᠦᠳ ᠤᠨ ᠬᠠᠷᠢᠭᠤᠴᠠᠯᠭ᠎ᠠ ᠡᠭᠦᠷᠭᠡᠯᠡᠯ ᠢ ᠴᠢᠩᠭᠠᠳᠬᠠᠬᠤ ᠶᠢ ᠪᠠᠷᠢᠮᠲᠠᠯᠠᠵᠤ ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢᠨ ᠪᠠᠶᠢᠭᠤᠯᠤᠯᠲᠠ ᠶᠢ ᠠᠬᠢᠭᠤᠯᠬᠤ ᠶᠢ ᠪᠠᠷᠢᠮᠲᠠᠯᠠᠪᠠ ᠃ ᠡᠨᠡ 10 ᠵᠦᠢᠯ ᠨᠢ ᠮᠠᠨ ᠤ ᠨᠠᠮ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠪᠦᠷᠢᠯᠳᠦᠭᠦᠯᠵᠦ ᠂ 75 ᠵᠢᠯ ᠤᠨ ᠲᠤᠷᠰᠢᠬᠢ ᠢᠯᠠᠩᠭᠤᠶ᠎ᠠ ᠰᠢᠨ᠎ᠡ ᠴᠠᠭ ᠦᠶ᠎ᠡ ᠠᠴᠠ ᠨᠠᠭᠠᠰᠢᠬᠢ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠦᠢᠯᠡᠰ ᠤᠨ ᠬᠥᠭᠵᠢᠯᠲᠡ ᠶᠢᠨ ᠲᠤᠷᠰᠢᠯᠭ᠎ᠠ ᠶᠢᠨ ᠲᠥᠪᠯᠡᠷᠡᠩᠭᠦᠢ ᠢᠯᠡᠷᠡᠯ ᠪᠣᠯᠣᠨ᠎ᠠ ᠂ ᠰᠢᠨ᠎ᠡ ᠴᠠᠭ ᠦᠶ᠎ᠡ ᠰᠢᠨ᠎ᠡ ᠠᠶᠠᠨ ᠳᠤ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠰᠠᠶᠢᠲᠤᠷ ᠬᠢᠬᠦ ᠶᠢᠨ ᠦᠨᠳᠦᠰᠦᠨ ᠵᠢᠷᠤᠮᠯᠠᠯ ᠮᠥᠨ ᠂ ᠡᠷᠬᠡᠪᠰᠢ ᠪᠦᠷᠢᠨ ᠪᠦᠲᠦᠨ ᠂ ᠵᠥᠪ ᠣᠨᠣᠪᠴᠢᠲᠠᠢ ᠂ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠦᠢᠯᠡᠳᠦᠯᠭᠡ ᠶᠢᠨ ᠳᠤᠮᠳᠠ ᠲᠠᠰᠤᠷᠠᠯᠳᠠ ᠦᠭᠡᠢ ᠪᠠᠶᠠᠯᠢᠭᠵᠢᠭᠤᠯᠤᠨ ᠬᠥᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃
e9daa87bcb50f57b4dc9fe489caa3f6.jpg
  ᠰᠢ ᠶᠢᠨ ᠫᠢᠩ ᠂ ᠵᠥᠪᠯᠡᠬᠦ ᠠᠷᠠᠳᠴᠢᠯᠠᠯ ᠪᠣᠯ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠴᠢᠬᠤᠯᠠ ᠪᠦᠷᠢᠯᠳᠦᠭᠦᠨ ᠬᠡᠰᠡᠭ ᠮᠥᠨ ᠂ ᠮᠠᠨ ᠤ ᠤᠯᠤᠰ ᠤᠨ ᠨᠡᠶᠢᠭᠡᠮ ᠵᠢᠷᠤᠮ ᠤᠨ ᠠᠷᠠᠳᠴᠢᠯᠠᠭᠰᠠᠨ ᠤᠯᠤᠰ ᠲᠦᠷᠦ ᠶᠢᠨ ᠣᠨᠴᠠᠭᠠᠢ ᠭᠡᠯᠪᠡᠷᠢ ᠪᠠ ᠥᠪᠡᠷᠮᠢᠴᠡ ᠳᠠᠪᠠᠭᠤᠯᠢᠭ ᠮᠥᠨ ᠂ ᠨᠠᠮ ᠤᠨ ᠤᠯᠠᠨ ᠲᠦᠮᠡᠨᠴᠢ ᠱᠤᠭᠤᠮ ᠤᠨ ᠤᠯᠤᠰ ᠲᠦᠷᠦ ᠶᠢᠨ ᠬᠦᠷᠢᠶᠡᠨ ᠳᠠᠬᠢ ᠴᠢᠬᠤᠯᠠ ᠢᠯᠡᠷᠡᠯ ᠮᠥᠨ ᠃ ᠰᠢᠨ᠎ᠡ ᠴᠠᠭ ᠦᠶ᠎ᠡ ᠰᠢᠨ᠎ᠡ ᠠᠶᠠᠨ ᠳᠤ ᠂ ᠢᠮᠠᠭᠲᠠ ᠵᠥᠪ ᠤᠯᠤᠰ ᠲᠦᠷᠦ ᠶᠢᠨ ᠴᠢᠭᠯᠡᠯ ᠢ ᠪᠠᠷᠢᠮᠲᠠᠯᠠᠵᠤ ᠂ ᠵᠥᠪᠯᠡᠬᠦ ᠠᠷᠠᠳᠴᠢᠯᠠᠯ ᠤᠨ ᠰᠢᠰᠲ᠋ᠧᠮ ᠢ ᠨᠢᠭᠡᠳᠦᠯᠲᠡᠢ ᠲᠥᠯᠥᠪᠵᠢᠭᠦᠯᠦᠨ ᠲᠡᠭᠦᠯᠳᠡᠷᠵᠢᠭᠦᠯᠵᠦ ᠂ ᠵᠥᠪᠯᠡᠬᠦ ᠠᠷᠠᠳᠴᠢᠯᠠᠯ ᠤᠨ ᠲᠣᠭᠲᠠᠴᠠ ᠶᠢ ᠬᠦᠴᠦᠯᠡᠨ ᠪᠦᠷᠢᠨᠰᠢᠭᠦᠯᠵᠦ ᠂ ᠵᠥᠪᠯᠡᠬᠦ ᠠᠷᠭ᠎ᠠ ᠭᠡᠯᠪᠡᠷᠢ ᠪᠠ ᠲᠠᠪᠴᠠᠩ ᠢ ᠲᠠᠰᠤᠷᠠᠯᠳᠠ ᠦᠭᠡᠢ ᠥᠷᠭᠡᠳᠬᠡᠵᠦ ᠂ ᠰᠠᠶᠢᠨ ᠰᠠᠶᠢᠬᠠᠨ ᠠᠭᠤᠷ ᠠᠮᠢᠰᠬᠤᠯ ᠪᠠ ᠨᠥᠬᠦᠴᠡᠯ ᠢ ᠢᠳᠡᠪᠬᠢᠲᠡᠢ ᠪᠤᠢ ᠪᠤᠯᠭᠠᠵᠤ ᠂ ᠵᠥᠪᠯᠡᠬᠦ ᠠᠷᠠᠳᠴᠢᠯᠠᠯ ᠢ ᠥᠷᠭᠡᠨ ᠳᠡᠯᠭᠡᠷ ᠤᠯᠠᠨ ᠳᠠᠪᠬᠤᠷᠭ᠎ᠠ ᠪᠠᠷ ᠳᠦᠷᠢᠮᠵᠢᠭᠦᠯᠦᠨ ᠬᠥᠭᠵᠢᠭᠦᠯᠬᠦ ᠶᠢ ᠲᠠᠰᠤᠷᠠᠯᠳᠠ ᠦᠭᠡᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃  ᠰᠢ ᠶᠢᠨ ᠫᠢᠩ ᠂ ᠰᠢᠨ᠎ᠡ ᠴᠠᠭ ᠦᠶ᠎ᠡ ᠰᠢᠨ᠎ᠡ ᠠᠶᠠᠨ ᠳᠤ ᠂ ᠠᠷᠠᠳ ᠤᠨ ᠤᠯᠤᠰ ᠲᠦᠷᠦ ᠶᠢᠨ ᠵᠦᠪᠯᠡᠯᠭᠡᠨ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ ᠂ ᠨᠠᠮ ᠤᠨ ᠤᠳᠤᠷᠢᠳᠤᠯᠭ᠎ᠠ ᠂ ᠨᠢᠭᠡᠳᠦᠮᠡᠯ ᠹᠷᠣᠨᠲ ᠂ ᠵᠦᠪᠯᠡᠬᠦ ᠠᠷᠠᠳᠴᠢᠯᠠᠯ ᠢ ᠣᠷᠭᠠᠨᠢᠭ ᠢᠶᠠᠷ ᠤᠶᠠᠯᠳᠤᠭᠤᠯᠵᠤ ᠂ ᠲᠤᠰᠬᠠᠢ ᠵᠦᠪᠯᠡᠬᠦ ᠪᠠᠶᠢᠭᠤᠯᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠦᠷᠭᠡᠨ ᠲᠡᠯᠭᠡᠷ ᠢᠶᠠᠷ ᠬᠥᠮᠦᠰ ᠤᠨ ᠰᠡᠳᠭᠢᠯ ᠢ ᠨᠢᠭᠲᠠᠷᠠᠭᠤᠯᠵᠤ ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ ᠂ ᠤᠶᠤᠨ ᠤᠬᠠᠭᠠᠨ ᠢ ᠨᠢᠭᠲᠠᠷᠠᠭᠤᠯᠵᠤ ᠂ ᠬᠦᠴᠦᠨ ᠴᠢᠳᠠᠯ ᠢ ᠨᠢᠭᠲᠠᠷᠠᠭᠤᠯᠬᠤ ᠬᠡᠷᠡᠭᠲᠡᠢ ᠭᠡᠵᠤ ᠴᠢᠬᠤᠯᠠᠴᠢᠯᠠᠪᠠ ᠃  ᠰᠢ ᠶᠢᠨ ᠫᠢᠩ ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠪᠣᠯ ᠬᠠᠮᠲᠤ ᠶᠢᠨ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢ ᠶᠢ ᠪᠠᠬᠢᠵᠢᠭᠦᠯᠬᠦ ᠭᠤᠣᠯ ᠲᠡᠩᠭᠡᠯᠢᠭ ᠮᠥᠨ ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠶᠡᠷᠦᠩᠬᠡᠶᠢᠯᠡᠨ ᠵᠢᠯᠤᠭᠤᠳᠬᠤ ᠶᠡᠷᠦᠩᠬᠡᠢ ᠬᠥᠲᠥᠯᠪᠦᠷᠢ ᠮᠥᠨ ᠃ ᠠᠷᠠᠳ ᠤᠨ ᠤᠯᠤᠰ ᠲᠦᠷᠦ ᠶᠢᠨ ᠵᠥᠪᠯᠡᠯᠭᠡᠨ ᠨᠢ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠭᠤᠯᠤᠯ ᠪᠠ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠶᠢᠨ ᠢᠯᠡ ᠲᠣᠳᠣ ᠤᠯᠤᠰ ᠲᠦᠷᠦ ᠶᠢᠨ ᠰᠢᠨᠵᠢ ᠴᠢᠨᠠᠷ ᠢ ᠭᠦᠨᠵᠡᠭᠡᠢ ᠲᠠᠨᠢᠵᠤ ᠂ ᠨᠠᠮ ᠤᠨ ᠰᠢᠨ᠎ᠡ ᠡᠭᠦᠳᠦᠯᠲᠡ ᠶᠢᠨ ᠤᠨᠤᠯ ᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠪᠦᠯᠬᠦᠮᠳᠡᠨ ᠲᠡᠮᠡᠴᠡᠬᠦ ᠬᠠᠮᠲᠤ ᠶᠢᠨ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢ ᠶᠢ ᠲᠠᠰᠤᠷᠠᠯᠳᠠ ᠦᠭᠡᠢ ᠪᠠᠬᠢᠵᠢᠭᠦᠯᠵᠦ ᠂ ᠡᠯ᠎ᠡ ᠨᠠᠮ ᠪᠦᠯᠦᠭ ᠪᠦᠯᠭᠦᠮ ᠪᠠ ᠡᠯ᠎ᠡ ᠦᠨᠳᠦᠰᠦᠲᠡᠨ ᠡᠯ᠎ᠡ ᠡᠲᠡᠭᠡᠳ ᠤᠨ ᠬᠥᠮᠥᠰ ᠤᠨ ᠤᠯᠤᠰ ᠲᠦᠷᠦ ᠶᠢᠨ ᠲᠠᠯ᠎ᠠ ᠪᠠᠷ ᠤᠯᠠᠮ ᠨᠢᠭᠡ ᠠᠯᠬᠤᠮ ᠪᠦᠯᠬᠦᠮᠳᠡᠨ ᠬᠠᠮᠲᠤᠷᠠᠯᠴᠠᠬᠤ ᠂ ᠦᠵᠡᠯ ᠰᠠᠨᠠᠭᠠᠨ ᠤ ᠲᠠᠯ᠎ᠠ ᠪᠠᠷ ᠬᠠᠮᠲᠤ ᠪᠠᠷ ᠲᠠᠪᠰᠢᠬᠤ ᠂ ᠦᠢᠯᠡ ᠠᠵᠢᠯᠯᠠᠭ᠎ᠠ ᠶᠢᠨ ᠲᠠᠯ᠎ᠠ ᠪᠠᠷ ᠠᠯᠬᠤᠮ ᠨᠢᠭᠡᠲᠡᠢ ᠪᠠᠶᠢᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃  ᠰᠢ ᠶᠢᠨ ᠫᠢᠩ ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠴᠢᠳᠠᠪᠤᠷᠢᠲᠠᠨ ᠲᠥᠪᠯᠡᠷᠡᠭᠰᠡᠨ ᠂ ᠤᠶᠤᠨ ᠴᠢᠳᠠᠪᠤᠷᠢ ᠲᠥᠪᠯᠡᠷᠡᠭᠰᠡᠨ ᠳᠠᠪᠠᠭᠤᠯᠢᠭ ᠢᠶᠠᠨ ᠪᠠᠳᠠᠷᠠᠭᠤᠯᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠬᠠᠮᠠᠭᠠᠯᠠᠬᠤ ᠵᠡᠷᠭᠡ ᠲᠠᠯ᠎ᠠ ᠶᠢᠨ ᠭᠤᠣᠯᠳᠠᠯᠭ᠎ᠠ ᠲᠠᠢ ᠠᠰᠠᠭᠤᠳᠠᠯ ᠬᠦᠴᠢᠷ ᠠᠰᠠᠭᠤᠳᠠᠯ ᠬᠠᠯᠠᠮᠰᠢᠯ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ ᠂ ᠵᠥᠪᠯᠡᠯᠭᠡ ᠬᠢᠵᠦ ᠲᠦᠷᠦ ᠶᠢᠨ ᠶᠠᠪᠤᠳᠠᠯ ᠢ ᠵᠥᠪᠯᠡᠬᠦ ᠶᠢ ᠭᠦᠨᠵᠡᠭᠡᠢ ᠠᠬᠢᠭᠤᠯᠬᠤ ᠬᠡᠷᠡᠭᠲᠡᠢ ᠃ ᠵᠥᠪᠯᠡᠬᠦ ᠮᠠᠶ᠋ᠢᠭ ᠤᠨ ᠬᠢᠨᠠᠯᠲᠠ ᠲᠠᠯᠪᠢᠬᠤ ᠳᠠᠪᠠᠭᠤᠯᠢᠭ ᠢ ᠪᠠᠳᠠᠷᠠᠭᠤᠯᠵᠤ ᠂ ᠨᠠᠮ ᠪᠠ ᠤᠯᠤᠰ ᠤᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃  ᠰᠢ ᠶᠢᠨ ᠫᠢᠩ ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠨᠢ ᠨᠢᠭᠡᠳᠦᠮᠡᠯ ᠹᠷᠣᠨᠲ ᠤᠨ ᠬᠥᠮᠥᠰ ᠤᠨ ᠰᠡᠳᠬᠢᠯ ᠢ ᠨᠢᠭᠲᠠᠷᠠᠭᠤᠯᠬᠤ ᠂ ᠬᠦᠴᠦᠨ ᠴᠢᠳᠠᠯ ᠢ ᠨᠢᠭᠲᠠᠷᠠᠭᠤᠯᠬᠤ ᠤᠯᠤᠰ ᠲᠦᠷᠦ ᠶᠢᠨ ᠦᠢᠯᠡᠳᠦᠯ ᠢ ᠪᠠᠳᠠᠷᠠᠭᠤᠯᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ ᠂ ᠨᠠᠮ ᠤᠨ ᠭᠠᠳᠠᠨᠠᠬᠢ ᠰᠡᠬᠡᠭᠡᠲᠡᠨ ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠮᠥᠰ ᠂ ᠰᠢᠨ᠎ᠡ ᠨᠡᠶᠢᠭᠡᠮ ᠤᠨ ᠳᠠᠪᠬᠤᠷᠭ᠎ᠠ ᠶᠢᠨ ᠬᠥᠮᠥᠰ ᠪᠣᠯᠣᠨ ᠱᠠᠰᠢᠨ ᠰᠤᠷᠲᠠᠬᠤᠨ ᠤ ᠬᠥᠮᠥᠰ ᠤᠨ ᠤᠯᠤᠰ ᠲᠦᠷᠦ ᠶᠢᠨ ᠵᠢᠯᠣᠭᠤᠳᠤᠮᠵᠢ ᠶᠢ ᠴᠢᠩᠭᠠᠳᠬᠠᠵᠤ ᠂ ᠭᠠᠳᠠᠭᠠᠳᠤ ᠳᠤ ᠰᠠᠭᠤᠭ᠎ᠠ ᠬᠠᠷᠢᠶᠠᠲᠤ ᠨᠠᠷ ᠲᠠᠢ ᠥᠷᠭᠡᠨ ᠢᠶᠠᠷ ᠪᠦᠯᠬᠦᠮᠳᠡᠨ ᠬᠠᠷᠢᠯᠴᠠᠵᠤ ᠂ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠬᠠᠮᠤᠭ ᠤᠨ ᠶᠡᠭᠡ ᠢᠵᠢᠯᠢ ᠲᠥᠪᠲᠦ ᠲᠣᠭᠤᠷᠢᠭ ᠢ ᠰᠠᠶᠢᠲᠤᠷ ᠵᠢᠷᠤᠭᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠃  ᠰᠢ ᠶᠢᠨ ᠫᠢᠩ ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠪᠠᠶᠢᠭᠤᠯᠤᠯ ᠲᠣᠭᠲᠠᠴᠠ ᠶᠢ ᠪᠦᠷᠢᠨᠰᠢᠭᠦᠯᠵᠦ ᠂ ᠤᠯᠤᠰ ᠲᠦᠷᠦ ᠶᠢᠨ ᠵᠥᠪᠯᠡᠯᠭᠡᠨ ᠤ ᠵᠥᠪᠯᠡᠯᠭᠡ ᠬᠢᠬᠦ ᠪᠠ ᠪᠤᠰᠤᠳ ᠵᠥᠪᠯᠡᠯᠭᠡ ᠬᠢᠬᠦ ᠭᠡᠯᠪᠡᠷᠢ ᠶᠢᠨ ᠬᠠᠮᠵᠢᠯᠴᠠᠭ᠎ᠠ ᠶᠢ ᠴᠢᠩᠭᠠᠳᠬᠠᠵᠤ ᠂ ᠭᠦᠨᠵᠡᠭᠡᠢ ᠵᠥᠪᠯᠡᠯᠭᠡ ᠬᠢᠵᠦ ᠬᠤᠷᠰᠢᠯᠴᠠᠬᠤ ᠂ ᠰᠠᠨᠠᠯ ᠢᠶᠠᠨ ᠭᠦᠢᠴᠡᠳ ᠢᠯᠡᠳᠬᠡᠬᠦ ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠬᠤ ᠲᠣᠭᠲᠠᠴᠠ ᠶᠢ ᠪᠦᠷᠢᠨᠰᠢᠭᠦᠯᠵᠦ ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠬᠤ ᠂ ᠤᠯᠠᠨ ᠲᠦᠮᠡᠨ ᠲᠠᠢ ᠬᠠᠷᠢᠯᠴᠠᠬᠤ ᠂ ᠠᠷᠠᠳ ᠲᠦᠮᠡᠨ ᠳᠤ ᠦᠢᠯᠡᠴᠢᠯᠡᠬᠦ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠵᠤ ᠂ ᠠᠷᠠᠳ ᠤᠨ ᠪᠠᠶᠢᠳᠠᠯ ᠢ ᠣᠶᠢᠯᠠᠭᠠᠬᠤ ᠂ ᠠᠷᠠᠳ ᠤᠨ ᠵᠣᠪᠠᠭᠤᠷᠢ ᠶᠢ ᠰᠢᠢᠳᠪᠦᠷᠢᠯᠡᠬᠦ ᠂ ᠠᠷᠠᠳ ᠤᠨ ᠰᠡᠳᠬᠢᠯ ᠢ ᠳᠤᠯᠠᠭᠠᠴᠠᠭᠤᠯᠬᠤ ᠠᠵᠢᠯ ᠢ ᠢᠯᠡᠭᠦᠬᠡᠨ ᠬᠢᠬᠦ ᠬᠡᠷᠡᠭᠲᠡᠢ ᠭᠡᠵᠦ ᠴᠢᠬᠤᠯᠠᠴᠢᠯᠠᠪᠠ ᠃  ᠰᠢ ᠶᠢᠨ ᠫᠢᠩ ᠂ ᠤᠯᠤᠰ ᠲᠦᠷᠦ ᠶᠢᠨ ᠵᠥᠪᠯᠡᠯᠭᠡᠨ ᠢ ᠣᠶᠢᠯᠠᠭᠠᠬᠤ ᠂ ᠵᠥᠪᠯᠡᠯᠭᠡ ᠬᠢᠵᠦ ᠴᠢᠳᠠᠬᠤ ᠂ ᠲᠦᠷᠦ ᠶᠢᠨ ᠶᠠᠪᠤᠳᠠᠯ ᠢ ᠵᠥᠪᠯᠡᠬᠦ ᠳᠡᠭᠡᠨ ᠴᠢᠳᠠᠮᠠᠭᠠᠢ ᠂ ᠰᠠᠬᠢᠯᠭ᠎ᠠ ᠪᠠᠲᠤ ᠶᠢ ᠰᠠᠬᠢᠬᠤ ᠂ ᠶᠣᠰᠣ ᠳᠦᠷᠢᠮ ᠢ ᠡᠷᠭᠢᠮᠯᠡᠭᠦ ᠂ ᠵᠠᠩ ᠰᠤᠷᠲᠠᠯ ᠢ ᠴᠢᠬᠤᠯᠠᠴᠢᠯᠠᠬᠤ ᠨᠢᠭᠡᠨ ᠰᠠᠯᠠᠭ᠎ᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠡᠩᠨᠡᠭᠡ ᠶᠢ ᠪᠠᠶᠢᠭᠤᠯᠬᠤ ᠪᠣᠯ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠲᠤᠰᠢᠶᠠᠯ ᠬᠠᠷᠢᠭᠤᠴᠯᠠᠭ᠎ᠠ ᠪᠠᠨ ᠴᠢᠨᠠᠷ ᠰᠠᠶᠢᠲᠠᠢ ᠭᠦᠢᠴᠡᠳᠬᠡᠬᠦ ᠶᠢᠨ ᠴᠢᠬᠤᠯᠠ ᠪᠠᠲᠤᠯᠠᠭ᠎ᠠ ᠮᠥᠨ ᠃ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤᠯᠤᠰ ᠲᠦᠷᠦ ᠶᠢᠨ ᠪᠡᠶ᠎ᠡ ᠶᠢᠨ ᠭᠠᠷᠤᠯ ᠢᠶᠠᠨ ᠨᠠᠨᠳᠢᠩᠨᠠᠵᠤ ᠂ ᠤᠯᠤᠰ ᠲᠦᠷᠦ ᠶᠢᠨ ᠬᠡᠪ ᠴᠢᠨᠠᠷ ᠢᠶᠠᠨ ᠳᠠᠪᠲᠠᠨ ᠪᠤᠯᠪᠠᠰᠤᠷᠠᠭᠤᠯᠵᠤ ᠂ ᠤᠯᠤᠰ ᠲᠦᠷᠦ ᠶᠢᠨ ᠴᠢᠳᠠᠪᠤᠷᠢ ᠪᠠᠨ ᠳᠡᠭᠡᠭᠰᠢᠯᠡᠭᠦᠯᠵᠦ ᠂ ᠡᠭᠦᠷᠭᠡ ᠬᠠᠷᠢᠭᠤᠴᠠᠯᠭ᠎ᠠ ᠪᠠ ᠡᠭᠦᠷᠭᠡᠯᠡᠯ ᠢᠶᠠᠨ ᠴᠢᠩᠭᠠᠳᠬᠠᠵᠤ ᠂ ᠤᠬᠠᠮᠰᠠᠷ ᠠᠴᠠ ᠪᠠᠨ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠬᠤ ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠥᠪᠯᠡᠯᠭᠡ ᠥᠭᠬᠦ ᠂ ᠵᠥᠪᠯᠡᠬᠦ ᠠᠷᠠᠳᠴᠢᠯᠠᠯ ᠂ ᠤᠯᠤᠰ ᠤᠨ ᠵᠠᠰᠠᠯᠲᠠ ᠶᠢᠨ ᠨᠢᠭᠡᠳᠦᠭᠡᠷ ᠹᠷᠣᠨᠲ ᠤᠨ ᠪᠣᠳᠠᠲᠠᠢ ᠦᠢᠯᠡᠳᠦᠯᠭᠡ ᠳᠤ ᠣᠷᠤᠯᠴᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠃  ᠰᠢ ᠶᠢᠨ ᠫᠢᠩ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠯ᠎ᠡ ᠱᠠᠲᠤᠨ ᠤ ᠨᠠᠮ ᠤᠨ ᠬᠤᠷᠢᠶ᠎ᠠ ᠤᠯᠤᠰ ᠲᠦᠷᠦ ᠶᠢᠨ ᠵᠥᠪᠯᠡᠯᠭᠡᠨ ᠤ ᠠᠵᠢᠯ ᠳᠠᠬᠢ ᠤᠳᠤᠷᠢᠳᠤᠯᠭ᠎ᠠ ᠪᠠᠨ ᠴᠢᠩᠭᠠᠳᠬᠠᠵᠤ ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠡᠭᠦᠷᠭᠡ ᠴᠢᠳᠠᠪᠬᠢ ᠪᠠᠨ ᠭᠦᠢᠴᠡᠳᠬᠡᠬᠦ ᠶᠢ ᠳᠡᠮᠵᠢᠬᠦ ᠬᠡᠷᠡᠭᠲᠡᠢ ᠃ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠴᠢᠭᠯᠡᠯ ᠢ ᠡᠵᠡᠮᠳᠡᠬᠦ ᠂ ᠶᠡᠭᠡ ᠲᠠᠯ᠎ᠠ ᠶᠢ ᠬᠠᠮᠢᠶᠠᠷᠬᠤ ᠂ ᠨᠠᠶᠢᠳᠠᠪᠤᠷᠢᠵᠢᠭᠤᠯᠤᠯᠲᠠ ᠶᠢ ᠪᠠᠲᠤᠯᠠᠬᠤ ᠤᠳᠤᠷᠢᠳᠬᠤ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠤᠳᠤᠷᠢᠳᠬᠤ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠪᠠ ᠪᠠᠶᠢᠭᠤᠯᠤᠯ ᠲᠣᠭᠲᠠᠴᠠ ᠶᠢ ᠪᠦᠷᠢᠨᠰᠢᠭᠦᠯᠦᠨ ᠨᠠᠶᠢᠳᠠᠪᠤᠷᠢᠵᠢᠭᠤᠯᠬᠤ ᠬᠡᠷᠡᠭᠲᠡᠢ ᠃ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠤᠭᠤᠯᠵᠤ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠡᠯ᠎ᠡ ᠵᠦᠢᠯ ᠤᠨ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠵᠤ ᠂ ᠰᠤᠷᠲᠠᠯ ᠴᠢᠬᠡᠴᠢ ᠣᠪᠣᠷ ᠲᠥᠪ ᠂ ᠠᠵᠢᠯ ᠬᠢᠵᠦ ᠦᠢᠯᠡᠰ ᠪᠣᠰᠬᠠᠬᠤ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠪᠤᠢ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ ᠃  ᠸᠠᠩ ᠬᠤ᠋ ᠨᠢᠩ ᠶᠡᠭᠡ ᠬᠤᠷᠠᠯ ᠢ ᠡᠷᠭᠢᠯᠡᠭᠦ ᠳᠡᠭᠡᠨ ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠲᠡᠦᠬᠡᠨ ᠳᠠᠬᠢ ᠬᠤᠪᠢ ᠨᠡᠮᠡᠷᠢ ᠶᠢ ᠳᠡᠭᠡᠳᠦ ᠬᠡᠮᠵᠢᠶ᠎ᠡ ᠪᠠᠷ ᠦᠨᠡᠯᠡᠵᠦ ᠂ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠢᠯᠡ ᠲᠣᠳᠣ ᠳᠤᠮᠳᠠᠳᠤ ᠤᠯᠤᠰ ᠤᠨ ᠣᠨᠴᠠᠯᠢᠭ ᠪᠠ ᠢᠯᠡᠳᠲᠡ ᠤᠯᠤᠰ ᠲᠥᠷᠥ ᠶᠢᠨ ᠳᠠᠪᠠᠭᠤᠯᠢᠭ ᠢ ᠭᠦᠨᠵᠡᠭᠡᠢ ᠲᠣᠳᠣᠷᠬᠠᠶᠢᠯᠠᠨ ᠥᠭᠦᠯᠡᠵᠦ ᠂ ᠵᠥᠪᠯᠡᠬᠦ ᠠᠷᠠᠳᠴᠢᠯᠠᠯ ᠤᠨ ᠥᠷᠭᠡᠨ ᠳᠡᠯᠭᠡᠷ ᠣᠯᠠᠨ ᠳᠠᠪᠬᠤᠷᠭᠠᠲᠤ ᠪᠠᠶᠢᠭᠤᠯᠤᠯᠲᠤ ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠬᠤ ᠳᠤ ᠲᠣᠳᠣᠷᠬᠠᠢ ᠱᠠᠭᠠᠷᠳᠠᠯᠭ᠎ᠠ ᠳᠤᠷᠠᠳᠴᠤ ᠂ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠰᠠᠶᠢᠲᠤᠷ ᠬᠢᠬᠦ ᠳᠤ ᠪᠦᠭᠦ ᠲᠠᠯ᠎ᠠ ᠶᠢᠨ ᠪᠠᠶᠢᠷᠢᠯᠠᠭᠤᠯᠤᠯᠲᠠ ᠬᠢᠵᠦ ᠂ ᠰᠢᠨ᠎ᠡ ᠴᠠᠭ ᠦᠶ᠎ᠡ ᠰᠢᠨ᠎ᠡ ᠠᠶᠠᠨ ᠤ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠨ ᠥᠭᠴᠦ ᠂ ᠦᠨᠳᠦᠰᠦᠨ ᠵᠢᠷᠤᠮᠯᠠᠯ ᠬᠠᠩᠭᠠᠪᠠ ᠃ ᠶᠠᠷᠢᠶ᠎ᠠ ᠨᠢ ᠥᠨᠳᠥᠷ ᠲᠤ ᠵᠣᠭᠰᠣᠨ ᠠᠯᠤᠰ ᠢ ᠪᠠᠷᠠᠯᠠᠵᠦ ᠂ ᠨᠡᠪᠲᠡᠷᠬᠡᠢ ᠭᠦᠨᠵᠡᠭᠡᠢ ᠂ ᠪᠠᠶᠠᠯᠢᠭ ᠠᠭᠤᠯᠤᠭᠳᠠᠬᠤᠨ ᠲᠠᠢ ᠪᠠᠶᠢᠵᠤ ᠂ ᠮᠠᠰᠢ ᠴᠢᠩᠭ᠎ᠠ ᠤᠯᠤᠰ ᠲᠥᠷᠥᠴᠢ ᠴᠢᠨᠠᠷ ᠂ ᠦᠵᠡᠯ ᠰᠠᠨᠠᠭᠠᠴᠢ ᠴᠢᠨᠠᠷ ᠂ ᠵᠢᠯᠤᠭᠤᠳᠬᠤ ᠴᠢᠨᠠᠷ ᠲᠠᠢ ᠶᠤᠮ ᠂ ᠪᠢᠳᠡ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ ᠂ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠃ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ ᠪᠣᠳᠠᠲᠠᠢ ᠬᠢᠵᠦ ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ ᠂ ︽ᠬᠤᠶᠠᠷ ᠢ ᠬᠠᠮᠠᠭᠠᠯᠠᠬᠤ︾ ᠶᠢ ᠤᠬᠠᠮᠰᠠᠷ ᠠᠴᠠ ᠪᠠᠨ ᠪᠡᠶᠡᠯᠡᠭᠦᠯᠵᠦ ᠂ ᠨᠠᠮ ᠤᠨ ᠤᠳᠤᠷᠢᠳᠤᠯᠭ᠎ᠠ ᠂ ᠨᠢᠭᠡᠳᠦᠮᠡᠯ ᠹᠷᠣᠨᠲ ᠂ ᠵᠥᠪᠯᠡᠬᠦ ᠠᠷᠠᠳᠴᠢᠯᠠᠯ ᠢ ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠵᠤ ᠂ ᠨᠠᠮ ᠪᠣᠯᠣᠨ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠭᠦ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ ᠃  ᠪᠡᠭᠡᠵᠢᠩ ᠳᠤ ᠪᠠᠶᠢᠭ᠎ᠠ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠭᠡᠰᠢᠭᠦᠨ ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠡᠰᠡᠭ ᠳᠡᠳ᠋ ᠬᠤᠷᠢᠶᠠᠨ ᠳᠠᠷᠤᠭ᠎ᠠ ᠂ ᠲᠦᠷᠦ ᠶᠢᠨ ᠶᠠᠪᠤᠳᠠᠯ ᠤᠨ ᠭᠡᠰᠢᠭᠦᠨ ᠂ ᠠᠷᠠᠳ ᠤᠨ ᠳᠡᠭᠡᠳᠦ ᠰᠢᠭᠦᠬᠦ ᠬᠤᠷᠢᠶᠠᠨ ᠤ ᠳᠠᠷᠤᠭ᠎ᠠ ᠂ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠪᠣᠯᠣᠨ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ ᠲᠤᠰᠢᠶᠠᠯ ᠢ ᠡᠭᠦᠷᠭᠡᠯᠡᠵᠦ ᠥᠩᠭᠡᠷᠡᠭᠰᠡᠨ ᠠᠬᠠᠮᠠᠳ ᠨᠥᠬᠦᠳ ᠶᠡᠭᠡ ᠬᠤᠷᠠᠯ ᠳᠤ ᠣᠷᠣᠯᠴᠠᠪᠠ ᠃  ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠂ ᠬᠤᠯᠪᠣᠭᠳᠠᠯ ᠪᠦᠬᠦᠢ ᠠᠷᠠᠳ ᠤᠨ ᠪᠦᠯᠭᠦᠮ ᠪᠣᠯᠣᠨ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠬᠠᠷᠢᠭᠤᠴᠠᠯᠭᠠᠲᠠᠨ ᠪᠣᠯᠣᠨ ᠨᠠᠮ ᠪᠦᠯᠦᠭ ᠤᠨ ᠪᠤᠰᠤ ᠬᠥᠮᠥᠰ ᠤᠨ ᠲᠥᠯᠥᠭᠡᠯᠡᠭᠴᠢ ᠂ ᠪᠡᠭᠡᠵᠢᠩ ᠳᠤ ᠪᠠᠶᠢᠭ᠎ᠠ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ ᠂ ᠬᠤᠯᠪᠣᠭᠳᠠᠯ ᠪᠦᠬᠦᠢ ᠲᠠᠯ᠎ᠠ ᠶᠢᠨ ᠲᠥᠯᠥᠭᠡᠯᠡᠭᠴᠢ ᠵᠡᠷᠭᠡ 800 ᠰᠢᠬᠠᠮ ᠬᠥᠮᠥᠨ ᠶᠡᠭᠡ ᠬᠤᠷᠠᠯ ᠳᠤ ᠣᠷᠣᠯᠴᠠᠵᠠᠢ ᠃ 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
Baidu
map