2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ︽ᠶᠠᠰᠤ ᠴᠢᠨᠠᠷ ᠤᠨ ᠰᠠᠷ᠎ᠠ︾ ᠵᠢᠴᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠪᠠᠷᠢᠮᠵᠢᠶᠠᠵᠢᠭᠤᠯᠤᠯᠲᠠ ᠶᠢᠨ ᠰᠦᠯᠵᠢᠶᠡᠨ ᠲᠡᠭᠡᠷᠡᠬᠢ ᠦᠵᠡᠭᠦᠯᠦᠯᠭᠡ ᠪᠤᠯᠪᠠᠰᠤᠷᠠᠯ ᠤᠨ ᠠᠵᠢᠯᠯᠠᠭ᠎ᠠ ᠡᠷᠬᠢᠯᠡᠨ᠎ᠡ
ᠨᠡᠶᠢᠲᠡᠯᠡᠭᠰᠡᠨ ᠴᠠᠭ᠄
2024/9/25
ᠪᠥᠬᠦ ᠣᠷᠣᠨ ᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠠᠵᠢᠯᠯᠠᠭᠰᠠᠳ ᠲᠤ᠄ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ︽ᠶᠠᠰᠤ ᠴᠢᠨᠠᠷ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢᠨ ᠬᠥᠲᠥᠯᠪᠦᠷᠢ︾ ᠪᠣᠯᠣᠨ ᠥᠪᠡᠷᠲᠡᠭᠡᠨ ᠵᠠᠰᠠᠬᠤ ᠣᠷᠣᠨ ᠤ ︽ᠶᠠᠰᠤ ᠴᠢᠨᠠᠷ ᠢᠶᠠᠷ ᠣᠷᠣᠨ ᠢᠶᠠᠨ ᠬᠦᠴᠦᠷᠬᠡᠭᠵᠢᠭᠦᠯᠬᠦ︾ ᠠᠵᠢᠯ ᠤᠨ ᠪᠠᠶᠢᠷᠢᠯᠠᠭᠤᠯᠤᠯᠲᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ 2024 ᠣᠨ ᠤ ᠪᠥᠬᠦ ᠣᠷᠣᠨ ᠤ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ︽ᠶᠠᠰᠤ ᠴᠢᠨᠠᠷ ᠤᠨ ᠰᠠᠷ᠎ᠠ︾ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠪᠠᠷᠢᠯᠭ᠎ᠠ ᠶᠢᠨ ᠦᠢᠯᠡᠰ ᠤᠨ ᠠᠵᠤ ᠦᠢᠯᠡᠳᠪᠦᠷᠢᠵᠢᠯᠲᠡ᠂ ᠲᠣᠭᠠᠴᠢᠯᠠᠯᠲᠠ᠂ ᠪᠣᠬᠢᠷᠲᠤᠯ ᠦᠭᠡᠢ ᠶᠢ ᠠᠭᠤᠰᠤᠯᠴᠠᠭᠤᠯᠤᠨ ᠬᠥᠭᠵᠢᠭᠦᠯᠬᠦ ᠪᠠ ︽ᠰᠠᠶᠢᠨ ᠭᠡᠷ ᠪᠠᠶᠢᠰᠢᠩ︾ ᠤᠨ ᠪᠦᠲᠦᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠦᠪᠯᠡᠷᠡᠭᠦᠯᠬᠦ ᠶᠢᠨ ᠲᠦᠯᠦᠭᠡ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠠᠴᠠ 2024 ᠣᠨ ᠤ 9 ᠳ᠋ᠤᠭᠡᠷ ᠰᠠᠷ᠎ᠠ ᠶᠢᠨ 26 ᠤ ᠡᠳᠦᠷ ᠬᠥᠬᠡᠬᠤᠲᠠ ᠳᠤ ᠪᠥᠬᠦ ᠣᠷᠣᠨ ᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠪᠠᠷᠢᠮᠵᠢᠶᠠᠵᠢᠭᠤᠯᠤᠯᠲᠠ ᠶᠢᠨ ᠰᠦᠯᠵᠢᠶᠡᠨ ᠳᠡᠭᠡᠷᠡᠬᠢ ᠦᠵᠡᠭᠦᠯᠦᠯᠭᠡ ᠪᠤᠯᠪᠠᠰᠤᠷᠠᠯ ᠤᠨ ᠠᠵᠢᠯᠯᠠᠭ᠎ᠠ ᠡᠷᠬᠢᠯᠡᠬᠦ ᠪᠠᠷ ᠲᠤᠭᠳᠠᠵᠠᠢ᠂ ᠲᠠᠨᠠᠷ ᠤᠨ ᠠᠵᠢᠯᠯᠠᠭ᠎ᠠ ᠳᠤ ᠤᠷᠤᠯᠴᠠᠬᠤ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ︕     ᠪᠤᠯᠪᠠᠰᠤᠷᠠᠯ ᠤᠨ ᠠᠭᠤᠯᠭ᠎ᠠ᠄ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ︽ᠶᠠᠰᠤ ᠴᠢᠨᠠᠷ ᠤᠨ ᠰᠠᠷ᠎ᠠ︾ ᠵᠢᠴᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠪᠠᠷᠢᠮᠵᠢᠶᠠᠵᠢᠭᠤᠯᠤᠯᠲᠠ ᠶᠢᠨ ᠰᠦᠯᠵᠢᠶᠡᠨ ᠳᠡᠭᠡᠷᠡᠬᠢ ᠦᠵᠡᠭᠦᠯᠦᠯᠭᠡ ᠪᠤᠯᠪᠠᠰᠤᠷᠠᠯ ᠤᠨ ᠠᠵᠢᠯᠯᠠᠭ᠎ᠠ     ᠦᠵᠡᠭᠦᠯᠦᠯᠭᠡ ᠶᠢᠨ ᠲᠦᠷᠦᠯ ᠵᠦᠢᠯ᠄     ᠬᠥᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠤᠨ ᠤᠯᠤᠰ ᠤᠨ ᠠᠭᠠᠷ ᠠᠶᠠᠯᠠᠯ ᠤᠨ ᠥᠪᠥᠷ ᠮᠣᠩᠭᠤᠯ ᠤᠨ ᠺᠣᠮᠫᠠᠨᠢ ᠶᠢᠨ ᠰᠠᠭᠤᠷᠢᠨ ᠭᠠᠵᠠᠷ ᠤᠨ ᠢᠨᠵᠧᠨᠧᠷᠢᠩ ᠤᠨ ᠪᠣᠬᠢᠷᠲᠤᠯ ᠦᠭᠡᠢ ᠤᠶᠤᠨᠴᠢ ᠦᠢᠯᠡᠳᠪᠦᠷᠢᠯᠡᠯ ᠤᠨ ᠰᠠᠭᠤᠷᠢᠨ ᠭᠠᠵᠠᠷ     ᠵᠥᠩ ᠢᠦᠢ ᠲᠠᠯᠠᠪᠠᠶ ᠶᠢᠨ ᠲᠦᠷᠦᠯ ᠵᠦᠢᠯ ︵ᠸᠠᠨ ᠶᠢᠨ ᠦ᠋ ᠲᠦᠩ ᠶᠤᠸᠠᠢ︶     ᠲᠦᠭᠦᠬᠡᠢ ᠮᠠᠲ᠋ᠧᠷᠢᠶᠠᠯ ᠤᠨ ᠬᠥᠮᠥᠷᠭᠡᠯᠡᠨ ᠬᠠᠳᠠᠭᠠᠯᠠᠬᠤ ᠲᠤᠭᠤᠷᠢᠭ ᠤᠨ ᠨᠡᠭᠦᠯᠭᠡᠨ ᠪᠠᠶᠢᠭᠤᠯᠬᠤ ᠲᠥᠷᠥᠯ ᠵᠦᠢᠯ ︵ᠮᠧᠩ ᠺᠦᠨ ᠨᠠᠪᠴᠢᠨ ᠲᠠᠮᠠᠬᠢ ᠨᠥᠭᠡᠴᠡᠯᠡᠬᠦ ᠬᠥᠮᠥᠷᠭᠡ︶     ᠪᠤᠯᠪᠠᠰᠤᠷᠠᠯ ᠤᠨ ᠴᠠᠭ᠄ 2024 ᠣᠨ ᠤ 9 ᠳ᠋ᠤᠭᠡᠷ ᠰᠠᠷ᠎ᠠ ᠶᠢᠨ 26 ᠤ ᠡᠳᠦᠷ     ᠦᠵᠡᠭᠦᠯᠦᠯᠭᠡ ᠶᠢᠨ ᠭᠢᠯᠠᠰ ᠴᠡᠭ  ᠲᠠᠢ ᠠᠭᠤᠯᠭ᠎ᠠ᠄     ︵ᠨᠢᠭᠡ︶ ᠬᠥᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠤᠨ ᠤᠯᠤᠰ  ᠤᠨ ᠠᠭᠠᠷ ᠠᠶᠠᠯᠠᠯ ᠤᠨ ᠥᠪᠥᠷ ᠮᠣᠩᠭᠤᠯ ᠤᠨ ᠬᠤᠪᠢᠶᠠᠷᠢ ᠺᠣᠮᠫᠠᠨᠢ ᠶᠢᠨ ᠰᠠᠭᠤᠷᠢᠨ ᠭᠠᠵᠠᠷ  ᠤᠨ ᠢᠨᠵᠧᠨᠧᠷᠢᠩ     ᠣᠶᠤᠨᠲᠤ ᠪᠠᠷᠢᠯᠭ᠎ᠠ ᠶᠢᠨ ᠭᠠᠵᠠᠷ ᠵᠢᠴᠢ ᠣᠶᠤᠨᠲᠤ ᠪᠠᠶᠢᠭᠤᠯᠤᠯᠲᠠ ᠶᠢᠨ ᠬᠠᠮᠵᠢᠯᠴᠠᠨ ᠬᠠᠮᠢᠶᠠᠷᠬᠤ ᠲᠠᠪᠴᠠᠩ ᠤᠨ ᠲᠤᠬᠠᠢ ᠶᠢᠨ ᠲᠠᠯᠠᠪᠤᠷ ᠲᠠᠬᠢ ᠤᠭᠰᠠᠷᠠᠬᠤ ᠬᠡᠷᠡᠭᠯᠡᠭᠡᠨ ᠤ ᠦᠵᠡᠭᠦᠯᠦᠯᠭᠡ︔ ᠣᠶᠤᠨᠲᠤ ᠵᠠᠭᠪᠤᠷ ᠢ ᠲᠥᠪᠯᠡᠷᠡᠭᠦᠯᠦᠨ ᠪᠣᠯᠪᠠᠰᠤᠷᠠᠭᠤᠯᠬᠤ᠃ ᠤᠭᠰᠠᠷᠠᠮᠠᠯ ᠮᠠᠶ᠋ᠢᠭ ᠤᠨ ᠬᠥᠭᠡᠷᠭᠡ ᠶᠢᠨ ᠪᠠᠷᠢᠯᠭ᠎ᠠ ᠶᠢᠨ ᠭᠠᠷ ᠤᠷᠠᠯᠠᠯ ᠃ ᠶᠡᠷᠦᠩᠬᠡᠶᠢᠯᠡᠭᠰᠡᠨ ᠳᠠᠮᠵᠢᠭᠤᠯᠬᠤ ᠬᠤᠭᠤᠯᠠᠢ ᠶᠢᠨ ᠪᠦᠬᠦᠯᠢ ᠴᠣᠭᠴᠠ ᠪᠠᠷ ᠨᠢ ᠲᠡᠭᠡᠭᠰᠢᠯᠡᠭᠦᠯᠬᠦ ᠪᠠᠷᠢᠯᠭ᠎ᠠ ᠶᠢᠨ ᠭᠠᠷ ᠤᠷᠠᠯᠠᠯ︔ ᠰᠣᠳᠣᠨ ᠢᠨᠵᠧᠨᠧᠷᠢᠩ ᠤᠨ ᠰᠢᠯᠢᠳᠡᠭ ᠢ ᠡᠭᠦᠳᠬᠦ ᠠᠷᠭ᠎ᠠ ᠬᠢᠳᠡᠯ︔ ᠶᠠᠰᠤ ᠴᠢᠨᠠᠷ ᠤᠨ ᠪᠠᠶᠢᠩᠭᠤ ᠲᠣᠬᠢᠶᠠᠯᠳᠤᠬᠤ ᠠᠰᠠᠭᠤᠳᠠᠯ ᠤᠨ ᠲᠤᠰᠬᠠᠢ ᠵᠠᠰᠠᠯᠲᠠ ᠶᠢᠨ ᠠᠷᠭ᠎ᠠ ᠬᠡᠮᠵᠢᠶ᠎ᠡ ᠶᠢᠨ ᠦᠵᠡᠭᠦᠯᠦᠯᠭᠡ︔ ᠠᠶᠤᠯᠭᠦᠢ ᠶᠢᠨ ᠲᠥᠬᠦᠭᠡᠷᠦᠮᠵᠢ ᠵᠢᠴᠢ ᠬᠠᠮᠠᠭᠠᠯᠠᠯᠲᠠ︔ ᠠᠵᠤ ᠠᠬᠤᠶᠢᠯᠠᠯ ᠤᠨ ᠪᠠᠷᠢᠮᠵᠢᠶᠠᠲᠤ ᠭᠠᠷ ᠤᠷᠠᠯᠠᠯ ᠤᠨ ᠭᠠᠷ ᠳᠡᠪᠲᠡᠷ ᠵᠡᠷᠭᠡ᠃     ︵ᠬᠤᠶᠠᠷ︶ ᠪᠣᠬᠢᠷᠲᠤᠯ ᠦᠭᠡᠢ ᠤᠶᠤᠨᠴᠢ ᠦᠢᠯᠡᠳᠪᠦᠷᠢᠯᠡᠯ ᠤᠨ ᠰᠠᠭᠤᠷᠢᠨ ᠭᠠᠵᠠᠷ     ᠣᠶᠤᠨᠲᠤ ᠪᠠᠷᠢᠯᠭ᠎ᠠ ᠶᠢᠨ ᠭᠠᠵᠠᠷ ᠵᠢᠴᠢ ᠣᠶᠤᠨᠲᠤ ᠪᠠᠶᠢᠭᠤᠯᠤᠯᠲᠠ ᠶᠢᠨ ᠬᠠᠮᠵᠢᠯᠴᠠᠨ ᠬᠠᠮᠢᠶᠠᠷᠬᠤ ᠲᠠᠪᠴᠠᠩ ᠤᠨ ᠦᠢᠯᠡᠳᠪᠦᠷᠢᠯᠡᠯ ᠤᠨ ᠬᠡᠷᠡᠭᠯᠡᠭᠡᠨ ᠤ ᠦᠵᠡᠭᠦᠯᠦᠯᠭᠡ︔ ᠣᠶᠤᠨᠲᠤ ᠮᠠᠰᠢᠨ ᠬᠥᠮᠥᠨ ᠤ ᠠᠵᠢᠯᠯᠠᠭ᠎ᠠ︔ ᠣᠶᠤᠨᠴᠢᠯᠠᠭᠰᠠᠨ ᠠᠯᠤᠰ ᠠᠴᠠ ᠵᠢᠯᠤᠭᠤᠳᠬᠤ ᠡᠵᠡᠮᠰᠢᠯ ᠤᠨ ᠰᠢᠰᠲ᠋ᠧᠮ︔ ᠣᠶᠤᠨᠲᠤ ᠬᠡᠯᠪᠡᠷᠢᠵᠢᠭᠰᠡᠨ ᠪᠣᠯᠣᠳ ᠮᠠᠲ᠋ᠧᠷᠢᠶᠠᠯ ᠤᠨ ᠦᠢᠯᠡᠳᠪᠦᠷᠢᠯᠡᠯ︔ ᠪᠠᠷᠢᠯᠭ᠎ᠠ ᠶᠢᠨ ᠲᠥᠷᠥᠯ ᠤᠨ PC ᠲᠣᠨᠣᠭᠯᠠᠭᠠᠰᠤ ᠶᠢᠨ ᠦᠢᠯᠡᠳᠪᠦᠷᠢᠯᠡᠯ︔ ᠤᠷᠢᠳᠴᠢᠯᠠᠭᠰᠠᠨ ᠤᠭᠰᠠᠷᠠᠮᠠᠯ ᠮᠠᠶ᠋ᠢᠭ ᠤᠨ ᠭᠠᠯ ᠤᠨᠲᠠᠷᠠᠭᠠᠬᠤ ᠬᠤᠭᠤᠯᠠᠢ ᠶᠢᠨ ᠦᠢᠯᠡᠳᠪᠦᠷᠢᠯᠡᠯ ︔ ᠲᠤᠭ᠎ᠠ ᠪᠠᠷᠢᠮᠲᠠ ᠴᠤᠭᠯᠠᠭᠤᠯᠬᠤ ᠪᠠ ᠬᠠᠩᠭᠠᠯᠭ᠎ᠠ ᠶᠢᠨ ᠬᠡᠯᠬᠢᠶ᠎ᠡ ᠶᠢᠨ ᠰᠢᠰᠲ᠋ᠧᠮ ᠵᠡᠷᠭᠡ᠃     ︵ᠭᠤᠷᠪᠠ︶ ᠵᠥᠩ ᠢᠦᠢ ᠲᠠᠯᠠᠪᠠᠶ ᠶᠢᠨ ᠲᠥᠷᠥᠯ ᠵᠦᠢᠯ ︵ᠸᠠᠨ ᠶᠢᠨ ᠦ᠋ ᠲᠦᠩ ᠶᠤᠸᠠᠢ︶    ᠣᠷᠣᠨ ᠰᠠᠭᠤᠴᠠ ᠶᠢᠨ ᠪᠠᠷᠢᠯᠭ᠎ᠠ ᠶᠢᠨ ᠶᠠᠰᠤ ᠴᠢᠨᠠᠷ ᠤᠨ ᠬᠠᠮᠢᠶᠠᠷᠤᠯᠳᠠ ᠶᠢᠨ ᠪᠠᠷᠢᠮᠵᠢᠶᠠᠵᠢᠭᠤᠯᠤᠯᠳᠠ︔ ᠬᠤᠶᠠᠷ ᠬᠡᠮᠵᠢᠯᠳᠦ ᠺᠤᠳ᠋ ᠢᠶᠠᠷ ᠭᠡᠷ ᠪᠠᠶᠢᠰᠢᠩ ᠲᠤᠰᠢᠶᠠᠬᠤ ᠢᠯᠡ ᠬᠠᠮᠢᠶᠠᠷᠤᠯᠲᠠ︔ ᠳᠥᠷᠪᠡᠨ ᠤᠯᠠᠷᠢᠯ ᠤᠨ ᠬᠦᠯᠡᠮᠵᠢ  ᠮᠠᠶ᠋ᠢᠭ ᠤᠨ ᠴᠡᠴᠡᠭᠳᠦ ᠦᠷᠦᠭᠡ ᠶᠢᠨ ᠪᠣᠯᠣᠳ ᠪᠦᠲᠦᠴᠡ ᠶᠢᠨ ᠭᠠᠷ ᠤᠷᠠᠯᠠᠯ︔ ᠪᠡᠯᠡᠳᠬᠡᠯ ᠬᠤᠪᠢᠷᠠᠭᠠᠭᠳᠠᠯ ᠤᠨ ᠬᠦᠴᠦᠯᠡᠴᠡ ᠲᠠᠢ ᠬᠥᠨᠳᠡᠢ ᠬᠠᠪᠲᠠᠰᠤ ᠶᠢᠨ ᠪᠠᠷᠢᠯᠭ᠎ᠠ ᠶᠢᠨ ᠭᠠᠷ ᠤᠷᠠᠯᠠᠯ︔ ᠲᠠᠪᠠᠭᠯᠠᠨ ᠲᠣᠪᠴᠢᠯᠠᠬᠤ ᠮᠠᠶ᠋ᠢᠭ ᠤᠨ ᠥᠨᠳᠥᠷ ᠲᠤᠯᠭᠠᠭᠤᠷᠲᠤ ᠬᠡᠪ ᠬᠠᠪᠲᠠᠰᠤ ᠶᠢᠨ ᠲᠤᠯᠭᠠᠭᠤᠷᠢᠯᠠᠬᠤ ᠰᠢᠰᠲ᠋ᠧᠮ︔ ᠳᠠᠷᠤᠯᠲᠠᠲᠤ ᠤᠰᠤ ᠬᠠᠳᠠᠭᠰᠢᠯᠠᠭᠤᠯᠬᠤ ᠬᠤᠭᠤᠯᠠᠢ ᠵᠢᠴᠢ ᠬᠡᠰᠡᠭᠴᠢᠯᠡᠭᠰᠡᠨ ᠤᠭᠰᠠᠷᠠᠭ᠎ᠠ ᠲᠣᠨᠤᠭ ᠢ ᠤᠭᠰᠠᠷᠠᠬᠤ ᠭᠠᠷ ᠤᠷᠠᠯᠠᠯ︔ ᠲᠥᠬᠦᠭᠡᠷᠦᠮᠵᠢ ᠤᠭᠰᠠᠷᠠᠬᠤ ᠭᠠᠷ ᠤᠷᠠᠯᠠᠯ︔ ᠪᠠᠷᠢᠯᠭ᠎ᠠ ᠶᠢᠨ ᠣᠷᠴᠢᠨ ᠲᠣᠭᠤᠷᠢᠨ ᠤ ᠬᠠᠮᠢᠶᠠᠷᠤᠯᠳᠠ ᠶᠢᠨ ᠰᠢᠰᠲ᠋ᠧᠮ︔ ᠪᠠᠷᠢᠯᠭ᠎ᠠ ᠶᠢᠨ ᠬᠤᠭ ᠨᠣᠪᠰᠢ ᠶᠢ ᠡᠭᠡᠭᠦᠯᠦᠨ ᠠᠪᠴᠤ ᠲᠠᠬᠢᠨ ᠠᠰᠢᠭᠯᠠᠬᠤ ᠬᠠᠮᠢᠶᠠᠷᠤᠯᠲᠠ ᠵᠡᠷᠭᠡ ᠪᠠᠭᠲᠠᠨ᠎ᠠ᠃     ︵ᠳᠥᠷᠪᠡ︶ ᠲᠦᠭᠦᠬᠡᠢ ᠮᠠᠲ᠋ᠧᠷᠢᠶᠠᠯ ᠤᠨ ᠬᠥᠮᠥᠷᠭᠡᠯᠡᠨ ᠬᠠᠳᠠᠭᠠᠯᠠᠬᠤ  ᠲᠤᠭᠤᠷᠢᠭ ᠤᠨ ᠨᠡᠭᠦᠯᠭᠡᠨ ᠪᠠᠶᠢᠭᠤᠯᠬᠤ ᠲᠥᠷᠥᠯ ᠵᠦᠢᠯ ︵ᠮᠧᠩ ᠺᠦᠨ ᠨᠠᠪᠴᠢᠨ ᠲᠠᠮᠠᠬᠢ ᠨᠥᠭᠡᠴᠡᠯᠡᠬᠦ ᠬᠥᠮᠥᠷᠭᠡ︶     ᠭᠤᠯᠳᠤᠩ ᠬᠥᠭᠦᠷᠭᠡ ᠶᠢᠨ ᠪᠠᠷᠢᠯᠭ᠎ᠠ ᠶᠢᠨ ᠬᠥᠨᠳᠡᠢ ᠬᠠᠪᠲᠠᠰᠤ ᠶᠢᠨ ᠪᠠᠷᠢᠯᠭ᠎ᠠ ᠶᠢᠨ ᠮᠡᠷᠭᠡᠵᠢᠯ︔ ᠬᠡᠪ ᠬᠠᠪᠲᠠᠰᠤ ᠶᠢ ᠴᠣᠭᠤᠯᠬᠤ ᠦᠭᠡᠢ ᠪᠠᠷ ᠪᠠᠷᠢᠬᠤ ᠮᠡᠷᠭᠡᠵᠢᠯ ︔ ᠪᠣᠯᠣᠳ ᠪᠠᠭᠯᠠᠭ᠎ᠠ ᠮᠣᠳᠣ + ᠲᠣᠭᠤᠷᠢᠭ ᠬᠥᠮᠥᠷᠢᠨ ᠪᠠᠬᠢᠯᠡᠬᠦ ᠮᠡᠷᠭᠡᠵᠢᠯ︔ ᠠᠰᠠᠷ ᠤᠨ ᠱᠠᠲᠤ ᠪᠠᠷᠢᠬᠤ ᠮᠡᠷᠭᠡᠵᠢᠯ︔ ᠪᠣᠳᠠᠲᠤ ᠬᠡᠮᠵᠢᠯᠲᠡ ᠪᠣᠳᠠᠲᠤ ᠬᠡᠮᠵᠢᠶ᠎ᠡ ᠶᠢᠨ ᠢᠯᠡ ᠬᠠᠮᠢᠶᠠᠷᠤᠯᠲᠠ︔ ᠳᠠᠮᠵᠢᠭᠤᠯᠬᠤ ᠬᠤᠭᠤᠯᠠᠢ ᠶᠢᠨ BIM ᠶᠡᠷᠦᠩᠬᠡᠢ ᠲᠠᠷᠬᠠᠯᠲᠠ ᠶᠢᠨ ᠮᠡᠷᠭᠡᠵᠢᠯ ᠵᠡᠷᠭᠡ᠃     ᠰᠦᠯᠵᠢᠶᠡᠨ ᠳᠡᠭᠡᠷᠡᠬᠢ ᠦᠵᠡᠭᠦᠯᠦᠯᠭᠡ ᠳᠤ ᠤᠷᠤᠯᠴᠠᠬᠤ ᠠᠷᠭ᠎ᠠ ᠵᠠᠮ᠄
微信截图_20240925100717.png
    ᠡᠬᠢᠯᠡᠬᠦ ᠴᠠᠭ᠄ 9᠄ 00 ᠴᠠᠭ    ᠬᠤᠶᠠᠷ ᠬᠡᠮᠵᠢᠯᠲᠦ ᠺᠣᠳ᠋ ᠢ ᠰᠢᠷᠪᠢᠵᠦ ᠰᠢᠭᠤᠳ ᠨᠡᠪᠲᠡᠷᠡᠭᠦᠯᠭᠡ ᠳᠤ ᠤᠷᠤᠯᠴᠠᠨ᠎ᠠ ︵ᠤᠷᠢᠳᠴᠢᠯᠠᠨ15 ᠮᠢᠨᠦ᠋ᠲ ᠤᠨ ᠡᠮᠦᠨ᠎ᠡ ᠲᠠᠪᠴᠠᠩ ᠳᠤ ᠤᠷᠤᠬᠤ ᠬᠡᠷᠡᠭᠳᠡᠢ︶  
ᠢᠷᠡᠯᠲᠡ᠄ ᠦᠪᠡᠷᠳᠡᠭᠡᠨ ᠵᠠᠰᠠᠬᠤ ᠤᠷᠤᠨ ᠤ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠶᠠᠰᠤ ᠴᠢᠨᠠᠷ ᠠᠮᠤᠷ ᠲᠦᠪᠰᠢᠨ ᠤ ᠮᠡᠷᠭᠡᠵᠢᠯ ᠤᠨ ᠦᠢᠯ᠊
Baidu
map