ᠬᠦᠬᠡᠬᠤᠳᠠ ᠭᠡᠷ ᠪᠠᠶᠢᠰᠢᠩ ᠬᠤᠳᠠᠯᠳᠤᠨ ᠠᠪᠬᠤ ᠠᠩᠬ᠎ᠠ ᠲᠤᠰᠢᠶᠠᠬᠤ ᠮᠦᠩᠭᠦ ᠶᠢ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠᠷ ᠲᠤᠰᠢᠶᠠᠵᠤ ᠪᠣᠯᠣᠨ᠎ᠠ ᠭᠡᠵᠤ ᠰᠢᠨ᠎ᠡ ᠲᠦᠷᠦ ᠶᠢᠨ ᠪᠤᠳᠤᠯᠭ᠎ᠠ ᠨᠡᠶᠢᠳᠡᠯᠡᠪᠡ
ᠨᠡᠶᠢᠲᠡᠯᠡᠭᠰᠡᠨ ᠴᠠᠭ᠄
2024/9/25
    9 ᠳ᠋ᠤᠭᠡᠷ ᠰᠠᠷ᠎ᠠ ᠶᠢᠨ 23 ᠤ ᠡᠳᠦᠷ᠂ ᠬᠥᠬᠡᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ︽ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠭᠠᠷᠭᠠᠨ ᠠᠪᠴᠤ ᠭᠡᠷ ᠪᠠᠶᠢᠰᠢᠩ ᠬᠤᠳᠠᠯᠳᠤᠨ ᠠᠪᠬᠤ ᠠᠩᠬ᠎ᠠ ᠲᠤᠰᠢᠶᠠᠬᠤ ᠮᠦᠩᠭᠦ ᠲᠥᠯᠥᠬᠦ ᠶᠢ ᠳᠡᠮᠵᠢᠬᠦ ᠲᠤᠬᠠᠢ ᠮᠡᠳᠡᠭᠳᠡᠯ︾ ᠨᠡᠶᠢᠲᠡᠯᠡᠪᠡ᠃     ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠭᠠᠷᠭᠠᠨ ᠠᠪᠴᠤ ᠭᠡᠷ ᠪᠠᠶᠢᠰᠢᠩ ᠬᠤᠳᠠᠯᠳᠤᠨ ᠠᠪᠬᠤ ᠠᠩᠬ᠎ᠠ ᠲᠤᠰᠢᠶᠠᠬᠤ ᠮᠦᠩᠭᠦ ᠶᠢ ᠳᠡᠮᠵᠢᠬᠦ ᠲᠤᠬᠠᠢ ᠮᠡᠳᠡᠭᠳᠡᠯ    ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠳᠦᠷᠢᠮ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠵᠦ᠂ ᠲᠤᠰᠢᠶᠠᠨ ᠬᠠᠳᠠᠭᠠᠯᠠᠭᠤᠯᠬᠤ ᠠᠵᠢᠯᠲᠠᠨ ᠠᠵᠢᠯᠴᠢᠨ ᠤ ᠣᠷᠣᠨ ᠰᠠᠭᠤᠴᠠ ᠶᠢᠨ ᠵᠠᠶᠢᠯᠠᠰᠢ ᠦᠭᠡᠢ ᠬᠡᠷᠡᠭᠴᠡᠭᠡ ᠪᠠ ᠰᠠᠶᠢᠵᠢᠷᠠᠭᠤᠯᠬᠤ ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠶᠢ ᠳᠡᠮᠵᠢᠵᠦ᠂ ᠭᠡᠷ ᠪᠠᠶᠢᠰᠢᠩ ᠬᠤᠳᠠᠯᠳᠤᠨ ᠠᠪᠤᠭᠴᠢ ᠶᠢᠨ ᠠᠩᠬ᠎ᠠ ᠲᠤᠰᠢᠶᠠᠬᠤ ᠮᠦᠩᠭᠦ ᠶᠢᠨ ᠳᠠᠷᠤᠯᠲᠠ ᠶᠢ ᠬᠥᠩᠭᠡᠷᠡᠭᠦᠯᠵᠦ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠥᠬᠡᠬᠤᠲᠠ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠦᠯᠦᠭᠡ᠂ ᠬᠥᠬᠡᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠵᠥᠪᠯᠡᠯ ᠤᠨ ᠲᠠᠪᠤᠳᠤᠭᠠᠷ ᠬᠤᠭᠤᠴᠠᠭᠠᠨ ᠤ ᠳᠥᠷᠪᠡᠳᠦᠭᠡᠷ ᠬᠤᠷᠠᠯᠳᠤᠭᠠᠨ ᠠᠴᠠ᠂ ᠬᠥᠬᠡᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠠᠴᠠ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠭᠠᠷᠭᠠᠨ ᠠᠪᠴᠤ ᠭᠡᠷ ᠪᠠᠶᠢᠰᠢᠩ ᠬᠤᠳᠠᠯᠳᠤᠨ ᠠᠪᠬᠤ ᠳᠤ ᠠᠩᠬ᠎ᠠ ᠲᠤᠰᠢᠶᠠᠬᠤ ᠮᠦᠩᠭᠦ ᠲᠥᠯᠥᠬᠦ ᠶᠢ ᠲᠡᠮᠵᠢᠨ᠎ᠡ ᠭᠡᠵᠤ ᠰᠤᠳᠤᠯᠤᠨ ᠪᠠᠳᠤᠯᠠᠵᠠᠢ᠃ ᠬᠤᠯᠪᠤᠭᠳᠠᠯ ᠪᠦᠬᠦᠢ ᠶᠠᠪᠤᠳᠠᠯ ᠢ ᠲᠤᠤᠷᠠᠬᠢ ᠮᠡᠳᠦ ᠮᠡᠳᠡᠭᠳᠡᠶ᠎ᠡ᠄ᠨᠢᠭᠡ᠂ ᠲᠤᠬᠠᠶᠢᠯᠠᠭᠰᠠᠨ ᠠᠵᠢᠯ ᠭᠦᠢᠴᠡᠳᠬᠡᠬᠦ ᠨᠥᠬᠦᠴᠡᠯ     ᠬᠥᠬᠡᠬᠤᠲᠠ ᠶᠢᠨ ᠰᠢᠨ᠎ᠡ ᠬᠤᠲᠠ ᠲᠣᠭᠤᠷᠢᠭ᠂ ᠬᠤᠲᠣᠩ ᠠᠷᠠᠳ ᠤᠨ ᠲᠣᠭᠤᠷᠢᠭ᠂ ᠢᠦᠢ ᠴᠢᠤᠸᠠᠨ ᠲᠣᠭᠤᠷᠢᠭ᠂ ᠰᠠᠶᠢᠬᠠᠨ ᠲᠣᠭᠤᠷᠢᠭ ᠤᠨ ᠬᠠᠷᠢᠶ᠎ᠠ ᠲᠣᠭᠤᠷᠢᠭ ᠲᠤ ᠰᠢᠨ᠎ᠡ ᠪᠠᠷ ᠪᠠᠶᠢᠭᠤᠯᠤᠭᠰᠠᠨ ᠤᠷᠢᠳᠴᠢᠯᠠᠨ ᠬᠤᠳᠠᠯᠳᠤᠬᠤ ᠲᠠᠸᠠᠷ ᠤᠨ ᠣᠷᠣᠨ ᠰᠠᠭᠤᠴᠠ ᠬᠤᠳᠠᠯᠳᠤᠨ ᠠᠪᠬᠤ ᠰᠠᠨᠠᠭ᠎ᠠ ᠲᠠᠢ ᠬᠥᠬᠡᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠲᠤ ᠲᠤᠰᠢᠶᠠᠨ ᠬᠠᠳᠠᠭᠠᠯᠠᠭᠤᠯᠵᠤ ᠪᠠᠶᠢᠭ᠎ᠠ ᠠᠵᠢᠯᠲᠠᠨ ᠠᠵᠢᠯᠴᠢᠨ ᠬᠤᠪᠢ ᠬᠥᠮᠥᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠠᠩᠰᠠᠨ ᠡᠷᠦᠬᠡ ᠶᠢᠨ ᠦᠯᠡᠳᠡᠪᠦᠷᠢ ᠮᠥᠩᠭᠦ ᠶᠢ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠨ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠠᠩᠰᠠᠨ ᠡᠷᠦᠬᠡ ᠳᠤ ᠭᠡᠷ ᠪᠠᠶᠢᠰᠢᠩ ᠬᠤᠳᠠᠯᠳᠤᠨ ᠠᠪᠬᠤ ᠠᠩᠬ᠎ᠠ ᠲᠤᠰᠢᠶᠠᠬᠤ ᠮᠦᠩᠭᠦ ᠲᠥᠯᠥᠬᠦ ᠳᠤ ᠬᠡᠷᠡᠭᠯᠡᠬᠦ ᠪᠠᠷ ᠰᠢᠯᠵᠢᠭᠦᠯᠬᠦ ᠶᠢ ᠭᠤᠶᠤᠴᠢᠯᠠᠵᠤ ᠪᠣᠯᠣᠨ᠎ᠠ᠃ ᠬᠤᠶᠠᠷ᠂ ᠭᠤᠶᠤᠴᠢᠯᠠᠬᠤ ᠮᠠᠲ᠋ᠧᠷᠢᠶᠠᠯ ᠵᠢᠴᠢ ᠴᠤᠪᠤᠷᠠᠯ     ᠲᠣᠰ ᠲᠤᠬᠠᠶᠢᠯᠠᠭᠰᠠᠨ ᠠᠵᠢᠯ ᠳᠤ᠂ ᠭᠠᠷᠭᠠᠨ ᠠᠪᠤᠭᠴᠢ ︵ᠵᠥᠪᠬᠡᠨ ᠭᠡᠷ ᠪᠠᠶᠢᠰᠢᠩ ᠬᠤᠳᠠᠯᠳᠤᠨ ᠠᠪᠤᠭᠴᠢ ᠪᠠᠷ ᠬᠢᠵᠠᠭᠠᠷᠯᠠᠨ᠎ᠠ︶ ᠲᠣᠰ ᠬᠥᠮᠥᠨ ᠨᠢ ᠪᠡᠶ᠎ᠡ ᠶᠢᠨ ᠦᠨᠡᠮᠯᠡᠯ ᠢᠶᠠᠨ ᠠᠪᠴᠤ ᠬᠥᠬᠡᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠲᠤ ᠬᠦᠷᠴᠦ ᠲᠤᠬᠠᠢ ᠶᠢᠨ ᠲᠠᠯᠠᠪᠤᠷ ᠲᠤ ᠭᠦᠢᠴᠡᠳᠬᠡᠬᠦ ᠬᠡᠷᠡᠭᠲᠡᠢ᠂ ᠪᠤᠰᠤᠳ ᠬᠥᠮᠥᠨ ᠳᠤ ᠨᠠᠶᠢᠳᠠᠵᠤ ᠣᠷᠣᠯᠠᠨ ᠭᠦᠢᠴᠡᠳᠬᠡᠭᠦᠯᠬᠦ ᠪᠤᠶᠤ ᠰᠦᠯᠵᠢᠶᠡᠨ ᠳᠡᠭᠡᠷ᠎ᠡ ᠭᠦᠢᠴᠡᠳᠬᠡᠵᠦ ᠪᠣᠯᠬᠤ ᠦᠭᠡᠢ᠃     1. ᠭᠠᠷᠭᠠᠨ ᠠᠪᠤᠭᠴᠢ ᠨᠢ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠯᠤᠭ᠎ᠠ ︽ᠤᠷᠢᠳᠴᠢᠯᠠᠨ ᠬᠤᠳᠠᠯᠳᠤᠬᠤ ᠲᠠᠸᠠᠷ ᠤᠨ ᠭᠡᠷ ᠪᠠᠶᠢᠰᠢᠩ ᠤᠨ ᠰᠦᠯᠵᠢᠶᠡᠨ ᠳᠡᠭᠡᠷ᠎ᠡ ᠭᠠᠷ ᠤᠨ ᠥᠰᠥᠭ ᠵᠢᠷᠤᠬᠤ ᠭᠡᠷ᠎ᠡ︾ ︵ᠡᠬᠡ ᠨᠣᠣᠷᠠᠭ︶ ᠳᠤ ᠭᠠᠷ ᠤᠨ ᠥᠰᠥᠭ ᠵᠢᠷᠤᠭᠰᠠᠨ ᠤ ᠳᠠᠷᠠᠭ᠎ᠠ᠂ ᠭᠠᠷᠭᠠᠨ ᠠᠪᠤᠭᠴᠢ ᠨᠢ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠨ ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ ︵ᠠᠵᠤ ᠠᠬᠤᠶᠢᠯᠠᠯ ᠤᠨ ᠠᠯᠪᠠᠨ ᠲᠠᠮᠠᠭ᠎ᠠ ᠶᠢ ᠳᠠᠷᠤᠨ᠎ᠠ︶᠂ ︽ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠨ ᠠᠮᠠᠯᠠᠯᠲᠠ ᠶᠢᠨ ᠪᠢᠴᠢᠭ︾ ᠢ ᠠᠪᠴᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠤᠨ ᠦᠢᠯᠡᠴᠢᠯᠡᠭᠡᠨ ᠤ ᠲᠢᠩᠬᠢᠮ ᠤᠨ ᠴᠤᠩᠬᠤᠪᠴᠢ ᠳᠤ ᠬᠦᠷᠴᠦ ︽ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠭᠠᠷᠭᠠᠨ ᠠᠪᠴᠤ ᠭᠡᠷ ᠪᠠᠶᠢᠰᠢᠩ ᠬᠤᠳᠠᠯᠳᠤᠨ ᠠᠪᠬᠤ ᠠᠩᠬ᠎ᠠ ᠲᠤᠰᠢᠶᠠᠬᠤ ᠮᠦᠩᠭᠦ ᠶᠢ ᠲᠥᠯᠥᠬᠦ ᠡᠷᠬᠡ ᠣᠯᠭᠤᠬᠤ ᠠᠮᠠᠯᠠᠯᠲᠠ ᠶᠢᠨ ᠪᠢᠴᠢᠭ︾ ᠲᠤ ᠲᠤᠬᠠᠢ ᠶᠢᠨ ᠲᠠᠯᠠᠪᠠᠢ ᠳᠤ ᠭᠠᠷ ᠤᠨ ᠦᠰᠦᠭ ᠵᠢᠷᠤᠨ᠎ᠠ᠃    2. ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠨᠢ ᠲᠤᠬᠠᠢ ᠶᠢᠨ ᠲᠠᠯᠠᠪᠤᠷ ᠲᠤ ᠭᠠᠷᠭᠠᠨ ᠠᠪᠤᠭᠴᠢ ᠶᠢᠨ ᠬᠢᠷᠢ ᠬᠡᠮ ᠵᠢᠴᠢ ᠭᠠᠷᠭᠠᠨ ᠠᠪᠬᠤ ᠵᠣᠭᠤᠰ ᠤᠨ ᠲᠤᠭ᠎ᠠ ᠶᠢ ᠬᠢᠨᠠᠨ ᠬᠠᠷᠭᠤᠭᠤᠯᠵᠤ ᠬᠢᠨᠠᠨ ᠲᠤᠭᠳᠠᠭᠠᠨ᠎ᠠ᠂ ᠬᠢᠨᠠᠨ ᠬᠠᠷᠭᠤᠭᠤᠯᠤᠭᠠᠳ ᠠᠯᠳᠠᠭ᠎ᠠ ᠦᠭᠡᠢ ᠪᠤᠯ᠂ ︽ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠤᠷᠢᠳᠴᠢᠯᠠᠨ ᠥᠭᠭᠦᠭᠰᠡᠨ ᠵᠣᠭᠤᠰ ᠤᠨ ᠭᠡᠷᠡᠴᠢ︾ ᠶᠢ ᠲᠠᠷᠤᠮᠠᠯᠯᠠᠨ᠎ᠠ᠂ ᠭᠡᠷᠡᠴᠢ ᠶᠢᠨ ᠬᠦᠴᠦᠨ ᠲᠠᠢ ᠬᠤᠭᠤᠴᠠᠭ᠎ᠠ ᠨᠢ 10 ᠠᠵᠢᠯᠯᠠᠬᠤ ᠡᠳᠦᠷ ᠪᠣᠯᠬᠤ ᠪᠥᠭᠡᠳ ︽ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠤᠷᠢᠳᠴᠢᠯᠠᠨ ᠥᠭᠭᠦᠭᠰᠡᠨ ᠵᠣᠭᠤᠰ ᠤᠨ ᠭᠡᠷᠡᠴᠢ ︾ ᠶᠢᠨ ᠮᠡᠳᠡᠭᠡ ᠵᠠᠩᠭᠢ ᠶᠢ ᠬᠥᠬᠡᠬᠤᠲᠠ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠠᠷᠠᠯᠵᠢᠶᠠᠨ ᠤ ᠲᠥᠪ ᠲᠤ ᠬᠦᠷᠭᠡᠨ᠎ᠡ᠃     3. ᠭᠠᠷᠭᠠᠨ ᠠᠪᠤᠭᠴᠢ ᠨᠢ ︽ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠤᠷᠢᠳᠴᠢᠯᠠᠨ ᠥᠭᠭᠦᠭᠰᠡᠨ ᠵᠣᠭᠤᠰ ᠤᠨ ᠭᠡᠷᠡᠴᠢ︾ ᠪᠠᠨ ᠠᠪᠴᠤ ᠬᠦᠴᠦᠨ ᠲᠠᠢ ᠬᠤᠭᠤᠴᠠᠭᠠᠨ ᠳᠤ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠳᠤ ᠬᠦᠷᠴᠦ ᠰᠦᠯᠵᠢᠶᠡᠨ ᠳᠡᠭᠡᠷ᠎ᠡ ᠭᠠᠷ ᠤᠨ ᠥᠰᠥᠭ ᠵᠢᠷᠤᠵᠤ ᠳᠠᠩᠰᠠᠯᠠᠭᠤᠯᠬᠤ ᠭᠡᠷ᠎ᠡ ᠭᠦᠢᠴᠡᠳᠬᠡᠨ᠎ᠡ᠃     4. ᠰᠦᠯᠵᠢᠶᠡᠨ ᠳᠡᠭᠡᠷ᠎ᠡ ᠭᠠᠷ ᠤᠨ ᠥᠰᠥᠭ ᠵᠢᠷᠤᠵᠦ ᠳᠠᠩᠰᠠᠯᠠᠭᠤᠯᠬᠤ ᠭᠡᠷ᠎ᠡ ᠶᠢ ᠭᠦᠢᠴᠡᠳᠬᠡᠵᠦ ᠳᠠᠭᠤᠰᠤᠭᠰᠠᠨ ᠤ ᠳᠠᠷᠠᠭ᠎ᠠ᠂ ᠬᠥᠬᠡᠬᠤᠲᠠ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠠᠷᠠᠯᠵᠢᠶᠠᠨ ᠤ ᠲᠥᠪ ᠠᠴᠠ ᠰᠦᠯᠵᠢᠶᠡᠨ ᠳᠡᠭᠡᠷ᠎ᠡ ᠭᠠᠷ ᠤᠨ ᠥᠰᠥᠭ ᠵᠢᠷᠤᠵᠤ ᠲᠠᠩᠰᠠᠯᠠᠭᠤᠯᠤᠭᠰᠠᠨ ᠭᠡᠷ᠎ᠡ ᠶᠢᠨ ᠮᠡᠳᠡᠭᠡ ᠵᠠᠩᠭᠢ ᠶᠢ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠲᠤ ᠬᠦᠷᠭᠡᠨ᠎ᠡ᠃ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠨᠢ ᠰᠦᠯᠵᠢᠶᠡᠨ ᠳᠡᠭᠡᠷ᠎ᠡ ᠭᠠᠷ ᠤᠨ ᠥᠰᠥᠭ ᠵᠢᠷᠤᠵᠤ ᠲᠠᠩᠰᠠᠯᠠᠭᠤᠯᠤᠭᠰᠠᠨ ᠭᠡᠷ᠎ᠡ ᠶᠢᠨ ᠮᠡᠳᠡᠭᠡ ᠵᠠᠩᠭᠢ ᠶᠢ ᠪᠠᠶᠢᠴᠠᠭᠠᠨ ᠰᠢᠯᠭᠠᠵᠤ᠂ ᠬᠢᠨᠠᠨ ᠬᠠᠷᠭᠤᠭᠤᠯᠤᠭᠠᠳ ᠪᠤᠷᠤᠭᠤ ᠦᠭᠡᠢ ᠪᠣᠯ᠂ ᠭᠠᠷᠭᠠᠨ ᠠᠪᠬᠤ ᠵᠣᠭᠤᠰ ᠢ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠨ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠠᠩᠰᠠᠨ ᠡᠷᠦᠬᠡ ᠳᠤ ᠰᠢᠯᠵᠢᠭᠦᠯᠬᠦ ᠶᠢᠨ ᠬᠠᠮᠲᠤ᠂ ᠵᠣᠭᠤᠰ ᠲᠤᠰᠢᠶᠠᠭᠰᠠᠨ ᠮᠡᠳᠡᠭᠡ ᠵᠠᠩᠭᠢ ᠶᠢ ᠬᠥᠬᠡᠬᠤᠲᠠ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠠᠷᠠᠯᠵᠢᠶᠠᠨ ᠤ ᠲᠥᠪ ᠲᠤ ᠬᠦᠷᠭᠡᠨ᠎ᠡ᠃ ᠭᠡᠷ ᠪᠠᠶᠢᠰᠢᠩ ᠭᠠᠵᠠᠷ ᠬᠥᠷᠥᠩᠭᠡ ᠶᠢᠨ ᠠᠷᠠᠯᠵᠢᠶᠠᠨ ᠤ ᠲᠥᠪ ᠰᠦᠯᠵᠢᠶᠡᠨ ᠳᠡᠭᠡᠷ᠎ᠡ ᠭᠠᠷ ᠤᠨ ᠥᠰᠥᠭ ᠵᠢᠷᠤᠵᠤ ᠳᠠᠩᠰᠠᠯᠠᠬᠤ ᠰᠢᠰᠲ᠋ᠧᠮ ᠳᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠᠷ ᠭᠡᠷ ᠪᠠᠶᠢᠰᠢᠩ ᠬᠤᠳᠠᠯᠳᠤᠨ ᠠᠪᠬᠤ ᠠᠩᠬ᠎ᠠ ᠲᠤᠰᠢᠶᠠᠬᠤ ᠮᠦᠩᠭᠦ ᠲᠥᠯᠥᠬᠦ ᠰᠦᠯᠵᠢᠶᠡᠨ ᠳᠡᠭᠡᠷ᠎ᠡ ᠭᠠᠷ ᠤᠨ ᠥᠰᠥᠭ ᠵᠢᠷᠤᠬᠤ ᠶᠢ ᠳᠠᠩᠰᠠᠯᠠᠬᠤ ᠭᠡᠷ᠎ᠡ ᠭᠡᠵᠤ ᠲᠣᠳᠣᠷᠬᠠᠶᠢᠯᠠᠨ᠎ᠠ᠃     5. ᠭᠠᠷᠭᠠᠵᠤ ᠠᠪᠤᠭᠰᠠᠨ ᠮᠦᠩᠭᠦ ᠶᠢ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠨ ᠪᠡᠯᠡ ᠮᠥᠩᠭᠦᠨ ᠤ ᠬᠢᠨᠠᠨ ᠬᠠᠮᠢᠶᠠᠷᠤᠯᠲᠠ ᠶᠢᠨ ᠳᠠᠩᠰᠠᠨ ᠡᠷᠦᠬᠡ ᠳᠤ ᠰᠢᠯᠵᠢᠭᠦᠯᠦᠭᠰᠡᠨ ᠤ ᠳᠠᠷᠠᠭᠠᠬᠢ 3 ᠠᠵᠢᠯᠯᠠᠬᠤ ᠡᠳᠦᠷ ᠤᠨ ᠳᠣᠲᠣᠷ᠎ᠠ᠂ ᠭᠠᠷᠭᠠᠵᠤ ᠠᠪᠤᠭᠴᠢ ᠨᠢ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠨ ᠤᠯᠭᠤᠭᠰᠠᠨ ᠭᠡᠷ ᠪᠠᠶᠢᠰᠢᠩ ᠬᠤᠳᠠᠯᠳᠤᠨ ᠠᠪᠬᠤ ᠠᠩᠬᠠᠨ ᠤ ᠲᠥᠯᠥᠪᠦᠷᠢ ᠶᠢᠨ ᠪᠠᠷᠢᠮᠲᠠ ᠶᠢ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠮᠥᠩᠭᠦ ᠶᠢᠨ ᠲᠥᠪ ᠲᠤ ᠪᠤᠴᠠᠭᠠᠵᠤ ᠰᠡᠭᠦᠳᠡᠷᠯᠡᠭᠦᠯᠦᠨ ᠳᠠᠩᠰᠠ ᠡᠪᠬᠡᠮᠡᠯ ᠳᠤ ᠣᠷᠣᠭᠤᠯᠤᠨ᠎ᠠ᠃ ᠭᠤᠷᠪᠠ᠂ ᠪᠤᠰᠤᠳ ᠲᠣᠳᠣᠷᠬᠠᠶᠢᠯᠠᠬᠤ ᠵᠦᠢᠯ     1. ᠣᠷᠣᠨ ᠰᠠᠭᠤᠴᠠ ᠨᠢᠭᠡᠪᠦᠷᠢ ᠨᠢ ᠵᠦᠪᠬᠡᠨ ᠨᠢᠭᠡ ᠤᠳᠠᠭ᠎ᠠ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠠᠩᠰᠠᠨ ᠡᠷᠦᠬᠡ ᠶᠢᠨ ᠦᠯᠡᠳᠡᠪᠦᠷᠢ ᠮᠦᠩᠭᠦ ᠶᠢ ᠭᠠᠷᠭᠠᠨ ᠠᠪᠴᠤ ᠭᠡᠷ ᠪᠠᠶᠢᠰᠢᠩ ᠬᠤᠳᠠᠯᠳᠤᠨ ᠠᠪᠬᠤ ᠠᠩᠬ᠎ᠠ ᠲᠤᠰᠢᠶᠠᠬᠤ ᠮᠦᠩᠭᠦ ᠲᠥᠯᠥᠬᠦ ᠳᠤ ᠬᠡᠷᠡᠭᠯᠡᠵᠦ ᠪᠣᠯᠣᠨ᠎ᠠ᠃ ᠬᠡᠷᠪᠡ ᠨᠥᠬᠦᠴᠡᠯ ᠳᠤ ᠨᠡᠶᠢᠴᠡᠬᠦ ᠭᠠᠷᠭᠠᠨ ᠠᠪᠤᠭᠴᠢ ᠨᠢ ᠣᠯᠠᠨ ᠬᠥᠮᠥᠨ ᠪᠠᠶᠢᠪᠠᠯ ᠨᠢᠭᠡ ᠯᠡ ᠤᠳᠠᠭ᠎ᠠ ᠳᠤ ᠬᠠᠮᠲᠤ ᠪᠠᠷ ᠭᠤᠶᠤᠴᠢᠯᠠᠯ ᠢᠶᠠᠨ ᠲᠤᠰᠢᠶᠠᠨ᠎ᠠ᠂ ᠭᠠᠷᠭᠠᠨ ᠠᠪᠬᠤ ᠵᠣᠭᠤᠰ ᠤᠨ ᠲᠤᠭ᠎ᠠ ᠶᠢᠨ ᠨᠡᠶᠢᠯᠡᠪᠦᠷᠢ ᠨᠢ ᠰᠦᠯᠵᠢᠶᠡᠨ ᠳᠡᠭᠡᠷ᠎ᠡ ᠭᠠᠷ ᠤᠨ ᠥᠰᠥᠭ ᠵᠢᠷᠤᠵᠤ ᠲᠠᠩᠰᠠᠯᠠᠭᠤᠯᠤᠭᠰᠠᠨ ᠭᠡᠷ᠎ᠡ ᠳᠤ ᠪᠣᠯᠵᠣᠨ ᠲᠣᠭᠲᠠᠭᠰᠠᠨ ᠠᠩᠬ᠎ᠠ ᠲᠤᠰᠢᠶᠠᠬᠤ ᠵᠣᠭᠤᠰ ᠤᠨ ᠲᠤᠭ᠎ᠠ ᠠᠴᠠ ᠬᠡᠲᠦᠷᠡᠭᠦᠯᠵᠦ ᠪᠣᠯᠬᠤ ᠦᠭᠡᠢ᠃     2.ᠨᠢᠭᠡᠨᠲᠡ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠᠷ ᠠᠩᠬ᠎ᠠ ᠲᠤᠰᠢᠶᠠᠬᠤ ᠮᠦᠩᠭᠦ ᠲᠥᠯᠥᠬᠦ ᠲᠤᠬᠠᠶᠢᠯᠠᠭᠰᠠᠨ ᠠᠵᠢᠯ ᠢ ᠭᠦᠢᠴᠡᠳᠬᠡᠭᠰᠡᠨ ᠠᠵᠢᠯᠲᠠᠨ ᠠᠵᠢᠯᠴᠢᠨ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠨᠥᠬᠦᠴᠡᠯ ᠳᠤ ᠨᠡᠶᠢᠴᠡᠪᠡᠯ᠂ ᠮᠥᠨ ᠲᠣᠭᠲᠠᠭᠠᠯ ᠶᠣᠰᠣᠭᠠᠷ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢ ᠭᠤᠶᠤᠴᠢᠯᠠᠨ ᠭᠦᠢᠴᠡᠳᠬᠡᠵᠦ ᠪᠣᠯᠣᠨ᠎ᠠ᠃ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠠᠩᠬ᠎ᠠ ᠲᠤᠰᠢᠶᠠᠬᠤ ᠵᠣᠭᠤᠰ ᠤᠨ ᠲᠤᠭ᠎ᠠ ᠪᠠ ᠭᠠᠷᠭᠠᠨ ᠠᠪᠤᠭᠰᠠᠨ ᠤ ᠳᠠᠷᠠᠭᠠᠬᠢ ᠬᠤᠪᠢ ᠬᠥᠮᠥᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠠᠩᠰᠠᠨ ᠡᠷᠦᠬᠡ ᠶᠢᠨ ᠦᠯᠡᠳᠡᠪᠦᠷᠢ ᠲᠤᠭ᠎ᠠ ᠶᠢ ᠨᠡᠶᠢᠯᠡᠭᠦᠯᠦᠭᠡᠳ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠨᠡᠶᠢᠳᠡ ᠲᠤᠭ᠎ᠠ ᠶᠢ ᠪᠤᠳᠤᠵᠤ ᠭᠠᠷᠭᠠᠨ᠎ᠠ᠃     3. ᠰᠦᠯᠵᠢᠶᠡᠨ ᠳᠡᠭᠡᠷ᠎ᠡ ᠭᠠᠷ ᠤᠨ ᠥᠰᠥᠭ ᠵᠢᠷᠤᠵᠤ ᠲᠠᠩᠰᠠᠯᠠᠭᠤᠯᠤᠭᠰᠠᠨ ᠭᠡᠷ᠎ᠡ ᠶᠢ ᠬᠦᠴᠦᠨ ᠦᠭᠡᠢ ᠪᠣᠯᠭᠠᠬᠤ ᠪᠠᠷ ᠭᠤᠶᠤᠴᠢᠯᠠᠬᠤ ᠳᠤ᠂ ᠭᠠᠷᠭᠠᠨ ᠠᠪᠤᠭᠴᠢ ᠨᠢ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠢ ᠬᠠᠮᠵᠢᠨ 3 ᠠᠵᠢᠯᠯᠠᠬᠤ ᠡᠳᠦᠷ ᠤᠨ ᠳᠣᠲᠣᠷ᠎ᠠ᠂ ᠨᠢᠭᠡᠨᠲᠡ ᠭᠠᠷᠭᠠᠨ ᠠᠪᠤᠭᠰᠠᠨ ᠵᠣᠭᠤᠰ ᠢ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠤᠨ ᠲᠠᠩᠰᠠᠨ ᠡᠷᠦᠬᠡ ᠳᠤ ᠪᠤᠴᠠᠭᠠᠬᠤ ᠬᠡᠷᠡᠭᠲᠡᠢ︔ ᠡᠭᠦᠨ ᠤ ᠬᠠᠮᠲᠤ᠂ ᠭᠠᠷᠭᠠᠨ ᠠᠪᠤᠭᠴᠢ ᠨᠢ ᠡᠷᠬᠡᠪᠰᠢ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠲᠤ ᠬᠦᠷᠴᠦ ᠣᠷᠣᠨ ᠰᠠᠭᠤᠴᠠ ᠪᠠᠨ ᠪᠤᠴᠠᠭᠠᠵᠤ ᠨᠥᠬᠦᠵᠦ ᠲᠤᠰᠢᠶᠠᠬᠤ ᠲᠤᠬᠠᠶᠢᠯᠠᠭᠰᠠᠨ ᠠᠵᠢᠯ ᠢ ᠭᠦᠢᠴᠡᠳᠬᠡᠵᠦ᠂ ᠭᠠᠷᠭᠠᠨ ᠠᠪᠤᠭᠰᠠᠨ ᠵᠣᠭᠤᠰ ᠢ ᠪᠤᠴᠠᠭᠠᠵᠤ ᠬᠤᠪᠢ ᠬᠥᠮᠥᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠠᠩᠰᠠᠨ ᠡᠷᠦᠬᠡ ᠳᠤ ᠤᠷᠤᠭᠤᠯᠵᠤ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠦᠯᠡᠳᠡᠪᠦᠷᠢ ᠲᠤᠭ᠎ᠠ ᠳᠤ ᠤᠷᠤᠭᠤᠯᠤᠨ᠎ᠠ᠃     4. ᠲᠣᠰ ᠲᠤᠬᠠᠶᠢᠯᠠᠭᠰᠠᠨ ᠠᠵᠢᠯ ᠢ ᠭᠦᠢᠴᠡᠳᠬᠡᠬᠦ ᠶᠠᠪᠤᠴᠠ ᠳᠤ᠂ ᠬᠡᠷᠪᠡ ᠬᠤᠪᠢ ᠬᠥᠮᠥᠨ ᠤ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠠᠩᠰᠠᠨ ᠡᠷᠦᠬᠡ ᠨᠢ ᠰᠢᠭᠦᠬᠦ ᠬᠤᠷᠢᠶ᠎ᠠ ᠠᠴᠠ ᠴᠠᠷᠴᠠᠭᠠᠭᠰᠠᠨ᠂ ᠰᠠᠭᠤᠯᠭᠠᠨ ᠰᠢᠯᠵᠢᠭᠦᠯᠦᠭᠰᠡᠨ ᠵᠡᠷᠭᠡ ᠰᠢᠯᠲᠠᠭᠠᠨ ᠠᠴᠠ ᠪᠣᠯᠵᠤ ᠭᠡᠷ ᠪᠠᠶᠢᠰᠢᠩ ᠬᠤᠳᠠᠯᠳᠤᠨ ᠠᠪᠬᠤ ᠠᠩᠬ᠎ᠠ ᠲᠤᠰᠢᠶᠠᠬᠤ ᠵᠣᠭᠤᠰ ᠢ ᠰᠢᠯᠵᠢᠭᠦᠯᠬᠦ ᠶᠢᠨ ᠠᠷᠭ᠎ᠠ ᠦᠭᠡᠢ ᠪᠠᠶᠢᠪᠠᠯ᠂ ᠲᠣᠰ ᠲᠤᠬᠠᠶᠢᠯᠠᠭᠰᠠᠨ ᠠᠵᠢᠯ ᠢ ᠭᠦᠢᠴᠡᠳᠬᠡᠬᠦ ᠪᠠᠨ ᠵᠤᠭᠰᠤᠭᠠᠨ᠎ᠠ᠂ ᠬᠥᠬᠡᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠬᠠᠷᠢᠭᠤᠴᠠᠯᠭ᠎ᠠ ᠡᠭᠦᠷᠭᠡᠯᠡᠬᠦ ᠦᠭᠡᠢ᠃     5. ᠰᠦᠯᠵᠢᠶᠡᠨ ᠳᠡᠭᠡᠷ᠎ᠡ ᠭᠠᠷ ᠤᠨ ᠥᠰᠥᠭ ᠵᠢᠷᠤᠵᠤ ᠲᠠᠩᠰᠠᠯᠠᠭᠤᠯᠤᠭᠰᠠᠨ ᠭᠡᠷ᠎ᠡ ᠶᠢ ᠬᠦᠴᠦᠨ ᠦᠭᠡᠢ ᠪᠣᠯᠭᠠᠬᠤ ᠪᠠᠷ ᠭᠤᠶᠤᠴᠢᠯᠠᠬᠤ ᠳᠤ᠂ ᠬᠡᠷᠪᠡ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠨ ᠬᠢᠨᠠᠨ ᠬᠠᠮᠢᠶᠠᠷᠤᠯᠳᠠ ᠶᠢᠨ ᠲᠠᠩᠰᠠᠨ ᠡᠷᠦᠬᠡ ᠨᠢ ᠰᠢᠭᠦᠬᠦ ᠬᠤᠷᠢᠶ᠎ᠠ ᠠᠴᠠ ᠴᠠᠷᠴᠠᠭᠠᠭᠰᠠᠨ ᠂ ᠰᠠᠭᠤᠯᠭᠠᠨ ᠰᠢᠯᠵᠢᠭᠦᠯᠦᠭᠰᠡᠨ ᠵᠡᠷᠭᠡ ᠰᠢᠯᠲᠠᠭᠠᠨ ᠠᠴᠠ ᠪᠣᠯᠵᠤ᠂ ᠨᠢᠭᠡᠨᠲᠡ ᠭᠠᠷᠭᠠᠨ ᠠᠪᠤᠭᠰᠠᠨ ᠵᠣᠭᠤᠰ ᠢ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠤᠨ ᠲᠠᠩᠰᠠᠨ ᠡᠷᠦᠬᠡ ᠳᠤ ᠪᠤᠴᠠᠭᠠᠬᠤ ᠶᠢᠨ ᠠᠷᠭ᠎ᠠ ᠦᠭᠡᠢ ᠪᠣᠯᠤᠭᠰᠠᠨ ᠪᠠᠶᠢᠪᠠᠯ᠂ ᠬᠥᠬᠡᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠠᠴᠠ ᠬᠠᠷᠢᠭᠤᠴᠠᠯᠭ᠎ᠠ ᠡᠭᠦᠷᠭᠡᠯᠡᠬᠦ ᠦᠭᠡᠢ ᠮᠦᠷᠳᠡᠭᠡᠨ ᠨᠢᠭᠡᠨᠲᠡ ᠭᠠᠷᠭᠠᠨ ᠠᠪᠤᠭᠰᠠᠨ ᠵᠣᠭᠤᠰ ᠢ ᠬᠠᠤᠯᠢ ᠶᠣᠰᠣᠭᠠᠷ ᠨᠡᠬᠡᠮᠵᠢᠯᠡᠨ ᠠᠪᠤᠨ᠎ᠠ᠃     ᠲᠣᠰ ᠮᠡᠳᠡᠭᠳᠡᠯ ᠢ 2024 ᠣᠨ ᠤ 9 ᠳ᠋ᠤᠭᠡᠷ ᠰᠠᠷ᠎ᠠ ᠶᠢᠨ 23 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃         ᠬᠥᠬᠡᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ                        2024 ᠣᠨ ᠤ 9 ᠳ᠋ᠤᠭᠡᠷ ᠰᠠᠷ᠎ᠠ ᠶᠢᠨ 23 ᠤ ᠡᠳᠦᠷ 
ᠢᠷᠡᠯᠲᠡ᠄ ᠬᠥᠬᠡᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ
Baidu
map