2024 ᠣᠨ ᠤ ᠭᠤᠴᠢᠨ ᠲᠠᠪᠤᠳᠤᠭᠠᠷ ᠪᠦᠯᠦᠭ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠬᠢᠨᠠᠨ ᠵᠥᠪᠰᠢᠶᠡᠷᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠵᠠᠷᠯᠠᠯ
ᠨᠡᠶᠢᠲᠡᠯᠡᠭᠰᠡᠨ ᠴᠠᠭ᠄
2024/9/28

        ﹇ 2024 ﹈ 127 ᠳ᠋ᠤᠭᠠᠷ ᠲᠣᠭᠠᠲᠤ    

    ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠵᠢᠴᠢ ᠣᠷᠣᠨ ᠰᠠᠭᠤᠴᠠ ᠪᠠ ᠬᠤᠲᠠ

ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠵᠤ ᠠᠬᠤᠶᠢᠯᠠᠯ ᠤᠨ ᠬᠢᠷᠢ ᠬᠡᠮ ᠤᠨ ᠬᠠᠮᠢᠶᠠᠷᠤᠯᠲᠠ ᠶᠢᠨ ᠬᠤᠯᠪᠣᠭᠳᠠᠯ ᠪᠥᠬᠦᠶ ᠲᠣᠭᠲᠠᠭᠠᠯ

ᠶᠣᠰᠣᠭᠠᠷ᠂ ᠮᠠᠨ ᠤ ᠲᠢᠩᠬᠢᠮ ᠠᠴᠠ 2024 ᠣᠨ ᠤ ᠭᠤᠴᠢᠨ ᠲᠠᠪᠤᠳᠤᠭᠠᠷ ᠪᠦᠯᠦᠭ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠲᠤ ᠬᠢᠨᠠᠨ

ᠪᠠᠶᠢᠴᠠᠭᠠᠯᠲᠠ ᠬᠢᠵᠦ᠂ ᠣᠲᠣ ᠬᠢᠨᠠᠨ ᠵᠥᠪᠰᠢᠶᠡᠷᠡᠭᠰᠡᠨ 26 ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ᠂ 3 ᠪᠦᠲᠦᠭᠡᠨ ᠪᠠᠶᠢᠭᠤᠯᠤᠯᠲᠠ ᠶᠢᠨ

ᠢᠨᠵᠧᠨᠧᠷᠢᠩ ᠤᠨ ᠬᠢᠨᠠᠨ ᠬᠠᠮᠢᠶᠠᠷᠬᠤ ᠠᠵᠤ ᠠᠬᠤᠶᠢᠯᠠᠯ᠂ 129 ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ

ᠵᠥᠪᠰᠢᠶᠡᠷᠡᠯ ᠤᠨ ᠦᠨᠡᠮᠯᠡᠯ᠂ 2 ᠭᠡᠷ ᠪᠠᠶᠢᠰᠢᠩ ᠭᠠᠵᠠᠷ ᠬᠥᠷᠥᠩᠭᠡ ᠶᠢᠨ ᠪᠠᠷᠤᠭᠯᠠᠵᠤ ᠦᠨᠡᠯᠡᠬᠦ ᠪᠠᠶᠢᠭᠤᠯᠤᠮᠵᠢ᠂2 ᠪᠦᠲᠦᠭᠡᠨ ᠪᠠᠶᠢᠭᠤᠯᠤᠯᠲᠠ ᠶᠢᠨ

ᠢᠨᠵᠧᠨᠧᠷᠢᠩ ᠤᠨ ᠠᠵᠤ ᠠᠬᠤᠶᠢᠯᠠᠯ ᠤᠨ ᠬᠢᠷᠢ ᠭᠡᠮ  ᠢᠶᠠᠨ ᠦᠷᠭᠦᠯᠵᠢᠯᠡᠭᠦᠯᠬᠦ ᠠᠵᠤ ᠠᠬᠤᠶᠢᠯᠠᠯ ᠤᠨ ᠨᠡᠷᠡᠰ ᠢ ᠨᠡᠶᠢᠲᠡᠯᠡᠨ᠎ᠡ᠃ ᠳᠡᠭᠡᠷᠡᠬᠢ ᠨᠢᠭᠡᠨᠲᠡ ᠡᠯᠧᠺᠲᠷᠣᠨ

ᠦᠨᠡᠮᠯᠡᠯ ᠢ ᠡᠬᠢᠯᠡᠵᠦ ᠬᠡᠷᠡᠭᠯᠡᠭᠰᠡᠨ ᠵᠦᠢᠯᠡᠰ ᠨᠢ ᠡᠯᠧᠺᠲᠷᠣᠨ ᠦᠨᠡᠮᠯᠡᠯ ᠢ ᠬᠢᠨᠠᠨ ᠣᠯᠭᠤᠭᠰᠠᠨ ᠡᠳᠦᠷ ᠠᠴᠠ ᠡᠬᠢᠯᠡᠨ᠂ ᠤᠤᠯ ᠤᠨ ᠬᠢᠨᠠᠨ ᠣᠯᠭᠤᠭᠰᠠᠨ ᠴᠠᠭᠠᠰᠤᠨ

ᠦᠨᠡᠮᠯᠡᠯ ᠠᠶᠠᠨᠳᠠᠭᠠᠨ ᠬᠦᠴᠦᠨ ᠦᠭᠡᠢ ᠪᠣᠯᠣᠨ᠎ᠠ᠃ ᠠᠵᠤ ᠠᠬᠤᠶᠢᠯᠠᠯ ᠢ ᠦᠯᠦ ᠬᠢᠨᠠᠨ ᠵᠥᠪᠰᠢᠶᠡᠷᠡᠭᠰᠡᠨ ᠰᠢᠯᠲᠠᠭᠠᠨ ᠢ ᠠᠵᠤ ᠠᠬᠤᠶᠢᠯᠠᠯ ᠤᠨ ᠢᠮᠧᠯ ︵ᠮᠡᠳᠡᠭᠦᠯᠬᠦ

ᠬᠦᠰᠦᠨᠦᠭ ᠲᠤ ᠲᠠᠭᠯᠠᠭᠰᠠᠨ ᠢᠮᠧᠯ︶ ᠳᠤ ᠢᠯᠡᠭᠡᠪᠡ᠂ ᠠᠵᠤ ᠠᠬᠤᠶᠢᠯᠠᠯ ᠥᠪᠡᠷᠲᠡᠭᠡᠨ ᠪᠠᠶᠢᠴᠠᠭᠠᠨ ᠦᠵᠡᠭᠡᠷᠡᠢ᠃

ᠣᠨᠴᠠᠭᠠᠶᠢᠯᠠᠨ ᠵᠠᠷᠯᠠᠪᠠ᠃

 

ᠳᠠᠭᠠᠯᠳᠤᠭᠤᠯᠤᠯ᠄

    1.ᠭᠤᠴᠢᠨ ᠲᠠᠪᠤᠳᠤᠭᠠᠷ ᠪᠦᠯᠦᠭ ᠬᠢᠨᠠᠨ ᠪᠠᠶᠢᠴᠠᠭᠠᠵᠤ ᠬᠢᠨᠠᠨ ᠵᠥᠪᠰᠢᠶᠡᠷᠡᠭᠰᠡᠨ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠨᠡᠷᠡᠰ

    2. ᠭᠤᠴᠢᠨ ᠲᠠᠪᠤᠳᠤᠭᠠᠷ ᠪᠦᠯᠦᠭ ᠬᠢᠨᠠᠨ ᠪᠠᠶᠢᠴᠠᠭᠠᠵᠤ ᠬᠢᠨᠠᠨ ᠵᠥᠪᠰᠢᠶᠡᠷᠡᠭᠰᠡᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠬᠢᠨᠠᠨ ᠬᠠᠮᠢᠶᠠᠷᠬᠤ

ᠠᠵᠤ ᠠᠬᠤᠶᠢᠯᠠᠯ ᠤᠨ ᠨᠡᠷᠡᠰ

    3. ᠭᠤᠴᠢᠨ ᠲᠠᠪᠤᠳᠤᠭᠠᠷ ᠪᠦᠯᠦᠭ ᠬᠢᠨᠠᠨ ᠪᠠᠶᠢᠴᠠᠭᠠᠵᠤ ᠬᠢᠨᠠᠨ ᠵᠥᠪᠰᠢᠶᠡᠷᠡᠭᠰᠡᠨ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠠᠶᠤᠯᠭᠦᠶ

ᠦᠢᠯᠡᠳᠪᠦᠷᠢᠯᠡᠯ ᠤᠨ ᠦᠨᠡᠮᠯᠡᠯ ᠤᠨ ᠵᠥᠪᠰᠢᠶᠡᠷᠡᠯ ᠤᠨ ᠨᠡᠷᠡᠰ

    4. 2024 ᠣᠨ ᠤ ᠭᠤᠴᠢᠨ ᠲᠠᠪᠤᠳᠤᠭᠠᠷ ᠪᠦᠯᠦᠭ ᠬᠢᠨᠠᠨ ᠪᠠᠶᠢᠴᠠᠭᠠᠵᠤ ᠬᠢᠨᠠᠨ ᠵᠥᠪᠰᠢᠶᠡᠷᠡᠭᠰᠡᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠤ

ᠠᠬᠤᠶᠢᠯᠠᠯ ᠤᠨ ᠬᠢᠷᠢ ᠭᠡᠮ ᠢᠶᠠᠨ ᠦᠷᠭᠦᠯᠵᠢᠯᠡᠭᠦᠯᠬᠦ ᠨᠡᠷᠡᠰ

    5. ᠭᠤᠴᠢᠨ ᠲᠠᠪᠤᠳᠤᠭᠠᠷ ᠪᠦᠯᠦᠭ ᠬᠢᠨᠠᠨ ᠪᠠᠶᠢᠴᠠᠭᠠᠵᠤ ᠬᠢᠨᠠᠨ ᠵᠥᠪᠰᠢᠶᠡᠷᠡᠭᠰᠡᠨ ᠭᠡᠷ ᠪᠠᠶᠢᠰᠢᠩ ᠭᠠᠵᠠᠷ ᠬᠥᠷᠥᠩᠭᠡ ᠶᠢᠨ ᠪᠠᠷᠤᠭᠯᠠᠵᠤ ᠦᠨᠡᠯᠡᠬᠦ

ᠪᠠᠶᠢᠭᠤᠯᠤᠮᠵᠢ ᠶᠢᠨ ᠬᠡᠷᠡᠭ ᠳᠠᠩᠰᠠᠯᠠᠭᠤᠯᠤᠭᠰᠠᠨ ᠨᠡᠷᠡᠰ

 

    2024 ᠣᠨ ᠤ 9  ᠳ᠋ᠦ᠋ᠭᠡᠷ ᠰᠠᠷ᠎ᠠ ᠶᠢᠨ 20 ᠤ ᠡᠳᠦᠷ

 

 

ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ
Baidu
map