ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/29
    9 ᠳ᠋ᠤᠭᠡᠷ ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠤᠷᠠᠯ ᠪᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠪᠠ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠦᠸᠧ ᠢᠦᠢ ᠹᠧᠩ ᠬᠤᠷᠠᠯ ᠡᠷᠭᠢᠯᠡᠪᠡ᠃
W020240927335869904047.png
    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠬᠠᠶᠢᠨᠠᠨ᠂ ᠭᠤᠸᠠᠩᠳᠦ᠋ᠩ ᠵᠡᠷᠭᠡ ᠭᠠᠵᠠᠷ ᠤᠨ ᠲᠠᠶᠢᠹᠥᠩ ᠰᠠᠯᠬᠢᠨ ᠤ ᠭᠠᠮᠰᠢᠭ ᠤᠨ ᠲᠤᠬᠠᠢ ᠲᠠᠯᠪᠢᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠢᠵᠠᠭᠠᠷ ᠰᠡᠳᠬᠢᠬᠦᠢ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠷᠡᠵᠦ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠠᠵᠢᠯ ᠢ ᠪᠣᠳᠠᠲᠠᠢ ᠠᠳᠬᠤᠵᠤ ᠰᠠᠶᠢᠲᠤᠷ ᠬᠢᠬᠦ ᠬᠡᠷᠡᠭᠲᠡᠢ᠃ ᠣᠨᠴᠠᠭᠠᠢ ᠴᠠᠭ ᠠᠭᠤᠷ ᠢ ᠤᠷᠢᠳᠴᠢᠯᠠᠨ ᠰᠡᠷᠭᠡᠶᠢᠯᠡᠵᠦ ᠠᠷᠭᠠᠴᠠᠬᠤ ᠶᠢ ᠰᠠᠶᠢᠲᠤᠷ ᠬᠢᠵᠦ᠂ ᠭᠠᠮᠰᠢᠭ ᠤᠨ ᠠᠶᠤᠯ ᠲᠦᠭᠰᠢᠭᠦᠷᠢ ᠶᠢ ᠣᠨᠣᠪᠴᠢᠲᠠᠢ ᠰᠤᠳᠤᠯᠤᠨ ᠮᠠᠭᠠᠳᠯᠠᠵᠤ᠂ ᠰᠡᠷᠭᠡᠶᠢᠯᠡᠯᠲᠡ ᠶᠢᠨ ᠲᠣᠭᠲᠠᠴᠠ ᠪᠣᠯᠣᠨ ᠲᠥᠰᠥᠯ ᠪᠡᠯᠡᠳᠬᠡᠯ ᠲᠥᠰᠥᠯ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠷᠭᠠᠴᠠᠨ ᠰᠢᠢᠳᠪᠦᠷᠢᠯᠡᠬᠦ ᠠᠵᠢᠯ ᠢ ᠪᠣᠳᠠᠲᠠᠢ ᠪᠥᠭᠡᠳ ᠨᠠᠷᠢᠯᠢᠭ ᠠᠳᠬᠤᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠡᠯ᠎ᠡ ᠭᠠᠵᠠᠷ ᠤᠨ ᠬᠢᠨ ᠢ ᠬᠢᠨᠠᠨ ᠵᠢᠯᠤᠭᠤᠳᠴᠤ ᠪᠠᠶᠢᠭᠠᠳ ᠬᠤᠳᠠ ᠶᠢᠨ ᠶᠠᠪᠤᠳᠠᠯ ᠤᠨ ᠲᠥᠬᠦᠭᠡᠷᠦᠮᠵᠢ ᠶᠢᠨ ᠠᠵᠢᠯᠯᠠᠭᠠᠨ ᠢ ᠪᠠᠲᠤᠯᠠᠬᠤ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ᠂ ᠬᠤᠳᠠ ᠶᠢᠨ ᠠᠮᠠᠷᠬᠠᠨ ᠤᠰᠤᠲᠤᠬᠤ ᠭᠠᠵᠠᠷ ᠢ ᠴᠡᠭᠴᠡᠯᠡᠨ ᠵᠠᠰᠠᠬᠤ ᠶᠢ ᠴᠢᠩᠭᠠᠳᠬᠠᠵᠤ᠂ ᠬᠤᠳᠠ ᠶᠢᠨ ᠠᠮᠢ ᠨᠠᠰᠤᠨ ᠤ ᠠᠮᠤᠷ ᠲᠦᠪᠰᠢᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠰᠠᠭᠤᠷᠢ ᠲᠥᠬᠦᠭᠡᠷᠦᠮᠵᠢ ᠶᠢᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠲᠤᠳᠠᠭᠳᠠᠯ ᠢ ᠨᠥᠬᠦᠪᠦᠷᠢᠯᠡᠵᠦ᠂ ᠤᠯᠠᠨ ᠲᠦᠮᠡᠨ ᠤ ᠬᠡᠪ ᠤᠨ ᠦᠢᠯᠡᠳᠪᠦᠷᠢᠯᠡᠯ ᠠᠮᠢᠳᠤᠷᠠᠯ ᠪᠣᠯᠣᠨ ᠶᠠᠪᠤᠵᠤ ᠰᠠᠭᠤᠬᠤ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ ᠪᠠᠷᠢᠯᠭ᠎ᠠ ᠶᠢᠨ ᠠᠵᠢᠯ᠂ ᠬᠤᠲᠠ ᠶᠢᠨ ᠶᠠᠪᠤᠳᠠᠯ ᠤᠨ ᠢᠨᠵᠧᠨᠧᠷᠢᠩ᠂ ᠬᠤᠲᠠ ᠬᠥᠳᠡᠭᠡ ᠶᠢᠨ ᠭᠡᠷ ᠪᠠᠶᠢᠰᠢᠩ᠂ ᠬᠤᠲᠠ ᠪᠠᠯᠭᠠᠰᠤ ᠶᠢᠨ ᠰᠢᠲᠠᠮᠠᠬᠠᠢ ᠬᠡᠢ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠶᠦᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ ᠂ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠪᠥᠬᠦ ᠲᠠᠯ᠎ᠠ ᠪᠠᠷ ᠥᠷᠨᠢᠭᠦᠯᠵᠦ᠂ ᠡᠭᠦᠰᠦᠮᠡᠯ ᠭᠠᠢ ᠭᠠᠮᠰᠢᠭ ᠤᠨ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠪᠠᠶᠠᠷ ᠤᠨ ᠡᠳᠦᠷ ᠤᠨ ᠬᠤᠭᠤᠴᠠᠭᠠᠨ ᠤ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠪᠠᠶᠠᠷ ᠤᠨ ᠡᠳᠦᠷ ᠤᠨ ᠬᠤᠭᠤᠴᠠᠭᠠᠨ ᠤ ᠡᠯ᠎ᠡ ᠵᠦᠢᠯ ᠤᠨ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠵᠤ᠂ ᠭᠡᠨᠡᠳᠲᠡ ᠶᠢᠨ ᠪᠠᠶᠢᠳᠠᠯ ᠲᠣᠬᠢᠶᠠᠯᠳᠤᠪᠠᠯ ᠤᠨᠢᠨ ᠳᠡᠭᠡᠷ᠎ᠡ ᠨᠢ ᠪᠦᠲᠦᠮᠵᠢᠲᠡᠢ ᠰᠢᠢᠳᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠲᠤᠬᠠᠢ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠲᠤᠭᠤᠰᠢᠯᠠᠭᠤᠯᠵᠦ᠂ ᠬᠠᠮᠠᠭᠠᠯᠠᠬᠤ ᠪᠠᠷ ᠭᠤᠣᠯᠳᠠᠯᠭ᠎ᠠ ᠪᠣᠯᠭᠠᠬᠤ᠂ ᠵᠠᠰᠠᠬᠤ ᠪᠠᠷ ᠵᠠᠩᠬᠢᠯᠭ᠎ᠠ ᠪᠣᠯᠭᠠᠬᠤ ᠪᠠᠶᠢᠯᠳᠤᠬᠤ ᠪᠣᠳᠣᠯᠭ᠎ᠠ ᠶᠢᠨ ᠱᠠᠭᠠᠷᠳᠠᠯᠭ᠎ᠠ ᠶᠢ ᠪᠠᠲᠤ ᠡᠵᠡᠮᠳᠡᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠬᠦᠨᠳᠦ ᠡᠭᠦᠷᠭᠡ ᠶᠢ ᠤᠬᠠᠮᠰᠠᠷ ᠠᠴᠠ ᠪᠠᠨ ᠡᠭᠦᠷᠭᠡᠯᠡᠵᠦ᠂ ᠡᠯ᠎ᠡ ᠵᠦᠢᠯ ᠤᠨ ᠡᠭᠦᠷᠭᠡ ᠶᠢ ᠲᠤᠭᠤᠰᠢᠯᠠᠭᠤᠯᠤᠨ ᠪᠤᠳᠠᠳᠠᠶᠢᠵᠢᠭᠤᠯᠬᠤ ᠶᠢ ᠨᠠᠷᠢᠨ ᠠᠳᠬᠤᠵᠤ᠂ ᠪᠣᠳᠠᠲᠤ ᠠᠵᠢᠯᠯᠠᠭ᠎ᠠ ᠪᠠᠷ ᠢᠶᠠᠨ ᠬᠠᠳᠤᠨ ᠭᠤᠣᠯ ᠤᠨ ᠤᠷᠳᠤ ᠬᠤᠭᠤᠴᠠᠭᠠᠨ ᠤ ᠠᠮᠤᠷ ᠲᠦᠪᠰᠢᠨ ᠢ ᠰᠠᠬᠢᠨ ᠬᠠᠮᠠᠭᠠᠯᠠᠬᠤ ᠬᠡᠷᠡᠭᠲᠡᠢ᠃ ᠬᠠᠲᠤᠨ ᠭᠤᠣᠯ ᠤᠨ ᠰᠠᠪᠠ ᠭᠠᠵᠠᠷ ᠤᠨ ︽ᠨᠢᠭᠡ ᠨᠠᠭᠤᠷ ᠬᠤᠶᠠᠷ ᠲᠡᠯᠡᠶ︾ ᠶᠢᠨ ᠤᠰᠤᠨ ᠤ ᠠᠮᠢ ᠠᠬᠤᠢ ᠶᠢᠨ ᠵᠠᠰᠠᠯᠲᠠ ᠶᠢ ᠪᠠᠲᠤᠲᠠᠢ ᠠᠳᠬᠤᠵᠤ᠂ ᠬᠤᠲᠠ ᠪᠠᠯᠭᠠᠰᠤ ᠶᠢᠨ ᠪᠣᠬᠢᠷ ᠤᠰᠤᠨ ᠤ ᠬᠤᠭᠤᠯᠠᠢ ᠲᠣᠣᠷ᠂ ᠪᠣᠬᠢᠷᠲᠤᠯ ᠭᠠᠳᠠᠭᠰᠢᠯᠠᠭᠤᠯᠬᠤ ᠵᠠᠰᠠᠯᠳᠠ᠂ ᠪᠣᠬᠢᠷ ᠦᠮᠡᠬᠡᠢ ᠤᠰᠤᠨ ᠴᠣᠭᠴᠠ ᠶᠢ ᠵᠠᠰᠠᠬᠤ᠂ ᠪᠠᠷᠢᠯᠭ᠎ᠠ ᠶᠢᠨ ᠬᠤᠭ ᠨᠣᠪᠰᠢ ᠶᠢ ᠵᠠᠰᠠᠬᠤ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ᠂ ᠪᠠᠶᠢᠭᠤᠯᠤᠯᠳᠦ ᠪᠠᠯᠭᠠᠰᠤ ᠶᠢᠨ ᠠᠮᠢᠳᠤᠷᠠᠯ ᠤᠨ ᠪᠣᠬᠢᠷ ᠤᠰᠤ ᠶᠢ ᠵᠠᠰᠠᠬᠤ ᠵᠡᠷᠭᠡ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠤᠰᠤᠨ ᠤ ᠡᠬᠢ ᠪᠠᠶᠠᠯᠢᠭ ᠢ ᠬᠠᠮᠠᠭᠠᠯᠠᠨ ᠠᠰᠢᠭᠯᠠᠬᠤ ᠬᠠᠮᠤᠭ ᠤᠨ ᠴᠢᠩᠭ᠎ᠠ ᠳᠦᠷᠢᠮ ᠢ ᠬᠡᠷᠡᠭᠵᠢᠭᠦᠯᠵᠦ᠂ ᠬᠠᠶᠢᠮᠢᠶᠠᠨ ᠬᠤᠳᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠵᠤ᠂ ᠤᠰᠤ ᠠᠷᠪᠢᠯᠠᠬᠤ ᠬᠡᠯᠪᠡᠷᠢ ᠶᠢᠨ ᠬᠤᠳᠠ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠪᠠᠷ ᠲᠦᠯᠬᠢᠨ ᠠᠬᠢᠭᠤᠯᠵᠤ᠂ ᠳᠠᠬᠢᠯᠲᠠ ᠤᠰᠤ ᠶᠢ ᠠᠰᠢᠭᠯᠠᠬᠤ ᠰᠠᠭᠤᠷᠢ ᠲᠥᠬᠦᠭᠡᠷᠦᠮᠵᠢ ᠶᠢᠨ ᠪᠠᠶᠢᠷᠢᠰᠢᠯ ᠢ ᠰᠢᠯᠢᠳᠡᠭᠵᠢᠭᠦᠯᠬᠦ ᠬᠡᠷᠡᠭᠲᠡᠢ᠃ ᠬᠥᠭᠵᠢᠯᠲᠡ ᠶᠢᠨ ᠠᠷᠭ᠎ᠠ ᠬᠡᠯᠪᠡᠷᠢ ᠶᠢᠨ ᠪᠦᠬᠦ ᠲᠠᠯ᠎ᠠ ᠪᠠᠷ ᠪᠣᠬᠢᠷᠲᠤᠯ ᠦᠭᠡᠢ ᠬᠡᠯᠪᠡᠷᠢ ᠬᠤᠪᠢᠷᠠᠭᠤᠯᠬᠤ ᠶᠢ ᠠᠬᠢᠭᠤᠯᠵᠤ᠂ ᠣᠷᠣᠨ ᠰᠠᠭᠤᠴᠠ ᠪᠠ ᠬᠤᠳᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠥᠭᠡᠷᠡᠴᠢᠯᠡᠯᠲᠡ ᠪᠠ ᠲᠥᠬᠦᠭᠡᠷᠦᠮᠵᠢ ᠶᠢᠨ ᠰᠢᠨᠡᠴᠢᠯᠡᠯᠲᠡ ᠶᠢ ᠲᠦᠷᠭᠡᠳᠬᠡᠵᠦ᠂ ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠬᠢᠭᠡᠳ ᠪᠣᠬᠢᠷᠲᠤᠯ ᠦᠭᠡᠢ ᠪᠠᠷᠢᠯᠭ᠎ᠠ ᠶᠢᠨ ᠬᠠᠮᠵᠢᠯᠴᠠᠨ ᠬᠦᠭᠵᠢᠭᠦᠯᠬᠦ ᠶᠢ ᠠᠬᠢᠭᠤᠯᠵᠤ᠂ ᠤᠷᠤᠰᠢᠨ ᠰᠠᠭᠤᠬᠤ ᠳᠤ ᠲᠣᠬᠢᠷᠠᠮᠵᠢᠲᠠᠢ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠬᠤᠳᠠ ᠶᠢ ᠪᠦᠲᠦᠭᠡᠨ ᠪᠠᠶᠢᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃
W020240927335869961699.png
    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠤᠯᠤᠰ ᠲᠦᠷᠦ ᠶᠢᠨ ᠲᠣᠪᠴᠢᠶ᠎ᠠ ᠶᠢᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠭᠠᠨᠰᠤ᠂ ᠱᠠᠨᠰᠢ ᠶᠢᠨ ᠪᠤᠤᠵᠢ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠦ᠂ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ ᠶᠡᠭᠡ ᠲᠠᠯ᠎ᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ︽ᠬᠤᠶᠠᠷ ᠶᠡᠭᠡ ᠶᠠᠪᠤᠳᠠᠯ ︾ ᠢ ᠬᠦᠴᠦ ᠪᠠᠨ ᠲᠥᠪᠯᠡᠷᠡᠭᠦᠯᠦᠨ ᠰᠠᠶᠢᠲᠤᠷ ᠬᠢᠵᠦ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠰᠢᠯᠢᠳᠡᠭ ᠠᠮᠵᠢᠯᠲᠠ ᠪᠠᠷ ᠰᠢᠨ᠎ᠡ ᠲᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ ᠶᠢ ᠤᠭᠲᠤᠬᠤ ᠬᠡᠷᠡᠭᠲᠡᠢ᠃ ᠪᠠᠷᠢᠯᠭ᠎ᠠ ᠶᠢᠨ ᠦᠢᠯᠡᠰ ᠤᠨ ᠬᠡᠯᠪᠡᠷᠢ ᠬᠤᠪᠢᠷᠠᠭᠤᠯᠤᠨ ᠲᠡᠰ ᠳᠡᠪᠰᠢᠭᠦᠯᠬᠦ ᠠᠯᠬᠤᠴᠠ ᠶᠢ ᠲᠦᠷᠭᠡᠳᠬᠡᠵᠦ᠂ ᠵᠦᠷᠢᠶᠡᠴᠢᠯᠡᠭᠰᠡᠨ ᠳᠡᠮᠵᠢᠯᠭᠡ ᠶᠢᠨ ᠲᠦᠷᠦ ᠶᠢᠨ ᠪᠣᠳᠣᠯᠭ᠎ᠠ ᠪᠣᠯᠣᠨ ᠪᠣᠶᠢᠵᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠲᠣᠭᠠᠴᠢᠯᠠᠭᠰᠠᠨ ᠬᠥᠭᠵᠢᠯᠲᠡ ᠪᠠᠷ ᠪᠠᠷᠢᠯᠭ᠎ᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠪᠠᠷᠢᠯᠭ᠎ᠠ ᠶᠢᠨ ᠠᠵᠤ ᠦᠢᠯᠡᠰ ᠤᠨ ᠬᠡᠯᠬᠢᠶ᠎ᠡ᠂ ᠰᠢᠨ᠎ᠡ ᠶᠢ ᠡᠭᠦᠳᠬᠦ ᠬᠡᠯᠬᠢᠶ᠎ᠡ᠂ ᠴᠢᠳᠠᠪᠤᠷᠢᠲᠠᠨ ᠤ ᠬᠡᠯᠬᠢᠶ᠎ᠡ᠂ ᠲᠦᠷᠦ ᠶᠢᠨ ᠪᠣᠳᠣᠯᠭ᠎ᠠ ᠶᠢᠨ ᠬᠡᠯᠬᠢᠶ᠎ᠡ᠂ ᠪᠡᠯᠡ ᠮᠥᠩᠭᠦᠨ ᠤ ᠬᠡᠯᠬᠢᠶ᠎ᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠪᠠᠷᠢᠯᠭ᠎ᠠ ᠶᠢᠨ ᠠᠵᠤ ᠦᠢᠯᠡᠰ ᠤᠨ ᠲᠥᠪᠯᠡᠷᠡᠯ ᠤᠨ ᠬᠡᠮᠵᠢᠶ᠎ᠡ ᠪᠣᠯᠣᠨ ᠭᠤᠣᠯᠯᠠᠭᠴᠢ ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠢ᠃ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠬᠠᠷᠢᠴᠠᠭ᠎ᠠ ᠳᠤ ᠴᠢᠬᠤᠯᠠ ᠶᠡᠭᠡ ᠬᠤᠪᠢᠷᠠᠯᠲᠠ ᠭᠠᠷᠤᠭᠰᠠᠨ ᠪᠠᠶᠢᠳᠠᠯ ᠳᠤ ᠰᠠᠭᠤᠷᠢᠯᠠᠨ᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠬᠦ ᠬᠡᠪᠴᠢᠶ᠎ᠡ ᠪᠠ ᠠᠶᠢᠵᠠᠮ ᠢ ᠰᠢᠨᠵᠢᠯᠡᠬᠦ ᠤᠬᠠᠭᠠᠨᠴᠢ ᠪᠠᠷ ᠡᠵᠡᠮᠳᠡᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠠᠳᠠᠭᠠᠯᠠᠯᠲᠠ ᠶᠢᠨ ᠠᠰᠠᠭᠤᠳᠠᠯ ᠢ ᠬᠦᠴᠦ ᠪᠠᠨ ᠲᠦᠪᠯᠡᠷᠡᠭᠦᠯᠦᠨ ᠰᠢᠢᠳᠪᠦᠷᠢᠯᠡᠨ᠎ᠡ᠃ ᠴᠢᠨᠠᠷ ᠰᠠᠶᠢᠲᠠᠢ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠪᠡᠯᠡᠨ ᠭᠡᠷ ᠪᠠᠶᠢᠰᠢᠩ ᠪᠣᠷᠣᠯᠠᠭᠤᠯᠬᠤ ᠲᠤᠷᠰᠢᠯᠲᠠ ᠶᠢ ᠥᠷᠨᠢᠭᠦᠯᠦᠨ᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠮᠡᠭᠳᠡᠯ ᠤᠨ ᠬᠡᠮᠵᠢᠶ᠎ᠡ ᠶᠢ ᠰᠢᠯᠢᠳᠡᠭᠵᠢᠭᠦᠯᠵᠦ᠂ ᠠᠷᠠᠳ ᠲᠦᠮᠡᠨ ᠤ ᠰᠡᠳᠬᠢᠯ ᠬᠠᠨᠤᠮᠵᠢᠲᠠᠶ ︽ᠰᠠᠶᠢᠨ ᠭᠡᠷ ᠪᠠᠶᠢᠰᠢᠩ︾ ᠢ ᠪᠦᠲᠦᠭᠡᠨ ᠪᠠᠶᠢᠭᠤᠯᠤᠨ᠎ᠠ᠃ ︽ᠴᠠᠭᠠᠨ ᠲᠠᠩᠰᠠ︾ ᠶᠢᠨ ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ ᠤᠨ ᠪᠡᠯᠡ ᠲᠣᠬᠢᠷᠠᠭᠤᠯᠭ᠎ᠠ ᠶᠢᠨ ᠬᠦᠴᠢᠷᠳᠡᠯ ᠢ ᠰᠢᠢᠳᠪᠦᠷᠢᠯᠡᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠰᠢᠨ᠎ᠡ ᠮᠠᠶ᠋ᠢᠭ ᠤᠨ ᠣᠶᠤᠨᠴᠢᠯᠠᠭᠰᠠᠨ ᠢᠯᠴᠢ ᠬᠠᠩᠭᠠᠯᠭ᠎ᠠ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠪᠡᠶ᠎ᠡ ᠪᠠᠨ ᠳᠠᠭᠠᠭᠠᠵᠤ ᠰᠢᠨᠡᠳᠬᠡᠨ ᠥᠭᠡᠷᠡᠴᠢᠯᠡᠬᠦ᠂ ᠨᠡᠶᠢᠭᠡᠮ ᠲᠣᠭᠤᠷᠢᠭ ᠤᠨ ᠠᠳᠠᠯ ᠠᠬᠤᠢ ᠶᠢᠨ ᠨᠠᠮ ᠤᠨ ᠪᠠᠶᠢᠭᠤᠯᠤᠯᠲᠠ ᠶᠢ ᠬᠠᠮᠲᠤᠷᠠᠨ ᠪᠠᠶᠢᠭᠤᠯᠬᠤ ᠵᠡᠷᠭᠡ ᠭᠤᠣᠯᠳᠠᠯᠭ᠎ᠠ ᠲᠠᠢ ᠥᠭᠡᠷᠡᠴᠢᠯᠡᠯᠲᠡ ᠶᠢᠨ ᠡᠭᠦᠷᠭᠡ ᠶᠢ ᠲᠦᠷᠭᠡᠨ ᠠᠬᠢᠭᠤᠯᠵᠤ ᠦᠷ᠎ᠡ ᠪᠦᠲᠦᠮᠵᠢ ᠣᠯᠬᠤ ᠬᠡᠷᠡᠭᠲᠡᠢ᠃ ᠬᠤᠳᠠ ᠬᠥᠳᠡᠭᠡ ᠶᠢᠨ ᠲᠡᠦᠬᠡ ᠰᠣᠶᠣᠯ ᠤᠨ ᠥᠪ ᠢ ᠠᠮᠢᠳᠤᠯᠢᠭ ᠢᠶᠠᠷ ᠠᠰᠢᠭᠯᠠᠬᠤ ᠶᠢ ᠰᠠᠶᠢᠲᠤᠷ ᠠᠳᠬᠤᠵᠤ᠂ ᠲᠡᠦᠬᠡ ᠶᠢᠨ ᠦᠷᠳᠡᠭ ᠪᠣᠯᠣᠨ ᠰᠣᠶᠣᠯ ᠤᠨ ᠠᠭᠤᠯᠤᠭᠳᠠᠬᠤᠨ ᠢ ᠭᠦᠨᠵᠡᠭᠡᠢ ᠠᠭᠤᠳᠠᠯᠤᠨ ᠲᠠᠶᠢᠯᠪᠤᠷᠢᠯᠠᠵᠤ᠂ ᠪᠦᠬᠦᠯᠢ ᠴᠣᠭᠴᠠ ᠶᠢᠨ ᠴᠢᠨᠠᠷᠲᠠᠢ ᠬᠠᠮᠠᠭᠠᠯᠠᠯᠲᠠ᠂ ᠰᠢᠰᠲ᠋ᠧᠮᠲᠦ ᠴᠢᠨᠠᠷᠲᠠᠢ ᠤᠯᠠᠮᠵᠢᠯᠠᠯ᠂ ᠰᠢᠨ᠎ᠡ ᠶᠢ ᠡᠭᠦᠳᠬᠦ ᠴᠢᠨᠠᠷᠲᠠᠢ ᠬᠥᠭᠵᠢᠯᠲᠡ ᠶᠢ ᠴᠢᠩᠭᠠᠳᠬᠠᠵᠤ᠂ ᠪᠦᠬᠦ ᠣᠷᠣᠨ ᠤ ᠦᠨᠳᠦᠰᠦᠲᠡᠨ ᠨᠦᠭᠦᠳ ᠤᠨ ᠤᠯᠠᠨ ᠲᠦᠮᠡᠨ ᠤ ᠠᠭᠤᠤ ᠶᠡᠭᠡ ᠡᠬᠡ ᠤᠯᠤᠰ ᠪᠣᠯᠣᠨ ᠳᠤᠮᠳᠠᠳᠤ ᠶᠢᠨ ᠪᠣᠯᠪᠠᠰᠤᠨ ᠤ ᠬᠠᠶᠢᠷ᠎ᠠ ᠬᠠᠯᠠᠮᠵᠢ ᠶᠢ ᠬᠥᠭᠵᠢᠭᠡᠬᠦ ᠬᠡᠷᠡᠭᠲᠡᠢ᠃ ᠲᠣᠪᠣᠶᠢᠮ᠎ᠠ ᠠᠰᠠᠭᠤᠳᠠᠯ ᠪᠣᠯᠣᠨ ᠲᠤᠳᠠᠭᠳᠠᠯ ᠪᠠᠭᠤᠷᠠᠢ ᠲᠠᠯ᠎ᠠ ᠪᠠᠨ ᠭᠦᠨᠵᠡᠭᠡᠢ ᠴᠡᠭᠴᠡᠯᠡᠨ ᠡᠮᠬᠢᠯᠡᠵᠦ᠂ ᠣᠳᠣᠬᠠᠨ ᠤ ᠭᠤᠣᠯᠳᠠᠯᠭ᠎ᠠ ᠲᠠᠢ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠭᠤᠷᠪᠠᠳᠤᠭᠠᠷ ᠤᠯᠠᠷᠢᠯ ᠳᠤ ᠰᠢᠪᠲᠤᠯᠤᠯᠲᠠ ᠬᠢᠵᠦ᠂ ᠳᠥᠷᠪᠡᠳᠦᠭᠡᠷ ᠤᠯᠠᠷᠢᠯ ᠳᠤ ᠰᠢᠢᠳᠪᠦᠷᠢᠲᠦ ᠳᠠᠶᠢᠯᠠᠯᠳᠤᠭᠠᠨ ᠬᠢᠵᠦ᠂ ᠪᠦᠬᠦ ᠵᠢᠯ ᠤᠨ ᠬᠠᠷᠠᠯᠲᠠ ᠡᠭᠦᠷᠭᠡ ᠪᠠᠨ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠤ ᠱᠠᠭᠠᠷᠳᠠᠪᠠ᠃     ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠲᠥᠪ ᠤᠨ ᠨᠠᠮ ᠤᠨ ᠰᠤᠷᠭᠠᠭᠤᠯᠢ ᠶᠢᠨ ᠰᠢᠨᠵᠢᠶᠠᠩ ᠤᠨ ᠦᠨᠳᠦᠰᠦᠲᠡᠨ ᠤ ᠺᠠᠳ᠋ᠷ ᠤᠨ ᠪᠣᠯᠪᠠᠰᠤᠷᠠᠯ ᠤᠨ ᠠᠩᠭᠢ ᠪᠠᠶᠢᠭᠤᠯᠤᠭᠳᠠᠭᠰᠠᠨ 70 ᠵᠢᠯ ᠤᠨ ᠣᠶ ᠶᠢᠨ ᠲᠠᠰᠢᠷᠠᠮ ᠳᠤ ᠲᠠᠯᠪᠢᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠪᠠᠷ ᠬᠠᠷᠠᠯᠲᠠ ᠪᠣᠯᠭᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠢ ᠠᠬᠢᠭᠤᠯᠬᠤ ᠤᠯᠤᠰ ᠲᠦᠷᠦ ᠶᠢᠨ ᠤᠬᠠᠮᠰᠠᠷ ᠢ ᠴᠢᠩᠭᠠᠳᠬᠠᠵᠤ᠂ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠣᠷᠣᠨ ᠰᠠᠭᠤᠴᠠ ᠪᠠ ᠬᠤᠳᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠢᠰᠲ᠋ᠧᠮ ᠤᠨ ᠺᠠᠳ᠋ᠷ ᠤᠨ ᠬᠥᠮᠦᠵᠢᠯ ᠪᠣᠯᠪᠠᠰᠤᠷᠠᠯ ᠤᠨ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠺᠠᠳ᠋ᠷ ᠤᠨ ᠡᠩᠨᠡᠭᠡᠨ ᠤ ᠬᠡᠪ ᠴᠢᠨᠠᠷ ᠢ ᠬᠦᠴᠦᠯᠡᠨ ᠳᠡᠭᠡᠭᠰᠢᠯᠡᠭᠦᠯᠦᠨ᠎ᠡ᠃ ︽ᠶᠠᠭᠤ ᠶᠢ ᠠᠳᠬᠤᠪᠠᠯ ᠶᠠᠭᠤ ᠶᠢ ᠪᠣᠯᠪᠠᠰᠤᠷᠠᠭᠤᠯᠬᠤ᠂ ᠶᠠᠭᠤ ᠶᠢ ᠬᠠᠮᠢᠶᠠᠷᠪᠠᠯ ᠶᠠᠭᠤ ᠶᠢ ᠪᠣᠯᠪᠠᠰᠤᠷᠠᠭᠤᠯᠬᠤ᠂ ᠶᠠᠭᠤ ᠳᠤᠲᠠᠭᠳᠠᠪᠠᠯ ᠶᠠᠭᠤ ᠶᠢ ᠨᠥᠬᠦᠪᠦᠷᠢᠯᠡᠬᠦ︾ ᠶᠢ ᠪᠠᠷᠢᠮᠲᠠᠯᠠᠵᠤ᠂ ᠠᠵᠢᠯᠲᠠᠨ ᠠᠵᠢᠯᠴᠢᠨ ᠤ ᠪᠠᠶᠢᠩᠭᠤᠵᠢᠭᠰᠠᠨ ᠰᠤᠷᠭᠠᠨ ᠬᠥᠮᠦᠵᠢᠯ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠰᠤᠷᠤᠯᠴᠠᠬᠤ ᠂ ᠴᠢᠳᠠᠪᠤᠷᠢᠲᠠᠨ ᠬᠥᠮᠥᠵᠢᠭᠦᠯᠬᠦ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠰᠤᠷᠭᠠᠨ ᠬᠥᠮᠦᠵᠢᠯ  ᠰᠢᠨᠵᠢᠯᠡᠭᠡ ᠮᠡᠷᠭᠡᠵᠢᠯ ᠤᠨ ᠴᠢᠳᠠᠪᠤᠷᠢᠲᠠᠨ ᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠠᠬᠢᠭᠤᠯᠵᠤ᠂ ᠪᠠᠷᠢᠯᠭ᠎ᠠ ᠶᠢᠨ ᠠᠵᠤ ᠦᠢᠯᠡᠰ ᠤᠨ ᠡᠩᠨᠡᠭᠡ ᠶᠢ ᠪᠣᠶᠢᠵᠢᠭᠤᠯᠤᠨ ᠬᠦᠴᠦᠷᠬᠡᠭᠵᠢᠭᠦᠯᠵᠦ᠂ ᠣᠷᠣᠨ ᠰᠠᠭᠤᠴᠠ ᠪᠠ ᠬᠤᠳᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠲᠦᠷᠦᠯ ᠤᠨ ᠴᠢᠨᠠᠷ ᠰᠠᠶᠢᠲᠠᠢ ᠬᠥᠭᠵᠢᠯᠲᠡ ᠳᠤ ᠡᠨᠧᠷᠢᠬᠢ ᠣᠯᠭᠤᠬᠤ ᠬᠡᠷᠡᠭᠲᠡᠢ᠃ ᠡᠬᠢ ᠪᠠᠶᠠᠯᠢᠭ ᠤᠨ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠲᠦᠭᠡᠮᠡᠯ ᠬᠠᠷᠠᠭᠠᠯᠵᠠᠯ ᠤᠨ ᠴᠢᠨᠠᠷᠲᠠᠢ᠂ ᠪᠣᠯᠬᠤᠶᠢᠴᠠ ᠴᠢᠨᠠᠷᠲᠠᠢ᠂ ᠳᠥᠭᠦᠮ ᠳᠥᠲᠡ ᠴᠢᠨᠠᠷᠲᠠᠢ ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠦᠷᠭᠦᠯᠵᠢᠯᠡᠨ ᠨᠡᠮᠡᠭᠳᠡᠭᠦᠯᠵᠦ᠂ ᠰᠠᠭᠤᠷᠢ ᠪᠡᠯᠡᠳᠭᠡᠮᠵᠢ ᠶᠢᠨ ᠲᠤᠳᠠᠭᠳᠠᠯ ᠢ ᠨᠥᠬᠦᠪᠦᠷᠢᠯᠡᠬᠦ ᠬᠡᠷᠡᠭᠲᠡᠢ ᠭᠡᠵᠤ ᠴᠢᠬᠤᠯᠠᠴᠢᠯᠠᠪᠠ᠃     ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠᠶᠢᠭᠤᠯᠤᠭᠳᠠᠭᠰᠠᠨ 70 ᠵᠢᠯ ᠤᠨ ᠣᠶ ᠪᠣᠯᠣᠨ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠲᠤᠭᠤᠰᠢᠯᠠᠭᠤᠯᠵᠦ᠂ ︽ᠨᠠᠢᠮᠠ ᠶᠢ ᠡᠷᠬᠡᠪᠰᠢ ᠪᠠᠷᠢᠮᠲᠠᠯᠠᠬᠤ︾ ᠰᠢᠨ᠎ᠡ ᠣᠶᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠳᠦᠷᠢᠮ ᠤᠨ ᠳᠠᠪᠠᠭᠤᠯᠢᠭ ᠢ ᠵᠠᠰᠠᠯᠲᠠ ᠶᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ᠂ ︽ᠰᠢᠨ᠎ᠡ ᠵᠠᠮ ᠢ ᠨᠡᠭᠡᠭᠡᠵᠦ᠂ ᠳᠤᠮᠳᠠ ᠤᠷᠤᠰᠬᠠᠯ ᠳᠤ ᠣᠷᠣᠬᠤ︾ ᠬᠠᠷᠠᠯᠲᠠ ᠶᠢ ᠪᠡᠶᠡᠯᠡᠭᠦᠯᠬᠦ ᠳᠤ ᠬᠦᠴᠦᠨ ᠴᠢᠳᠠᠯ ᠢᠶᠠᠨ ᠡᠷᠭᠦᠨ᠎ᠡ᠃ ᠥᠭᠡᠷᠡᠴᠢᠯᠡᠯᠲᠡ ᠬᠥᠭᠵᠢᠯᠲᠡ ᠪᠣᠯᠣᠨ ᠬᠠᠤᠯᠢ ᠲᠤᠭᠳᠠᠭᠠᠬᠤ ᠰᠢᠢᠳᠪᠦᠷᠢᠲᠦ ᠪᠣᠳᠣᠯᠭ᠎ᠠ ᠶᠢ ᠨᠡᠩ ᠰᠠᠶᠢᠲᠤᠷ ᠤᠶᠠᠯᠳᠤᠭᠤᠯᠵᠤ᠂ ᠣᠷᠣᠨ ᠰᠠᠭᠤᠴᠠ ᠪᠠ ᠬᠤᠳᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠤ ᠬᠠᠤᠯᠢ ᠲᠤᠭᠳᠠᠭᠠᠬᠤ ᠬᠠᠶᠢᠨ ᠰᠦᠪᠡᠭᠴᠢᠯᠡᠯᠲᠡ ᠶᠢᠨ ᠡᠷᠴᠢᠮ ᠢ ᠨᠠᠷᠢᠯᠢᠭᠵᠢᠭᠤᠯᠵᠤ᠂ ᠣᠷᠣᠨ ᠰᠠᠭᠤᠴᠠ ᠪᠠ ᠬᠤᠳᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠤ ᠬᠠᠤᠯᠢᠵᠢᠯ ᠤᠨ ᠬᠠᠩᠭᠠᠯᠭ᠎ᠠ ᠬᠡᠷᠡᠭᠴᠡᠭᠡ ᠶᠢ ᠲᠠᠰᠤᠷᠠᠯᠳᠠ ᠦᠭᠡᠢ ᠰᠢᠯᠢᠳᠡᠭᠵᠢᠭᠦᠯᠵᠦ᠂ ᠰᠠᠶᠢᠨ ᠬᠠᠤᠯᠢ ᠴᠢᠳᠠᠮᠠᠭᠠᠢ ᠵᠠᠰᠠᠯᠳᠠ ᠪᠠᠷ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠬᠡᠷᠡᠭᠲᠡᠢ᠃ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠦᠨ ᠲᠡᠭᠦᠯᠳᠡᠷᠵᠢᠭᠦᠯᠵᠦ᠂ ᠠᠷᠠᠳ ᠤᠨ ᠰᠠᠨᠠᠭ᠎ᠠ ᠶᠢ ᠰᠢᠩᠭᠡᠬᠡᠨ ᠠᠪᠬᠤ᠂ ᠠᠷᠠᠳ ᠤᠨ ᠤᠶᠤᠨ ᠤᠬᠠᠭᠠᠨ ᠢ ᠬᠤᠷᠠᠮᠳᠤᠭᠤᠯᠬᠤ ᠶᠢᠨ ᠪᠠᠶᠢᠩᠭᠤᠵᠢᠭᠤᠯᠤᠯᠳᠠ᠂ ᠲᠦᠷᠢᠮᠵᠢᠭᠦᠯᠦᠯᠳᠡ ᠶᠢᠨ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠤᠯᠠᠨ ᠲᠦᠮᠡᠨ ᠤ ᠠᠰᠢᠭ ᠲᠤᠰᠠ ᠶᠢᠨ ᠭᠤᠮᠣᠳᠠᠯ ᠱᠠᠭᠠᠷᠳᠠᠯᠭ᠎ᠠ ᠪᠠᠨ ᠢᠯᠡᠳᠬᠡᠬᠦ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠠᠷᠠᠳ ᠲᠦᠮᠡᠨ ᠤ ᠰᠠᠨᠠᠭᠤᠯᠭ᠎ᠠ ᠶᠢ ᠣᠷᠣᠨ ᠰᠠᠭᠤᠴᠠ ᠪᠠ ᠬᠤᠳᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠤ ᠡᠯ᠎ᠡ ᠵᠦᠢᠯ ᠤᠨ ᠠᠵᠢᠯ ᠤᠨ ᠳᠤᠮᠳᠠ ᠦᠨᠡᠨ ᠬᠦ ᠪᠤᠳᠠᠳᠠᠶᠢᠵᠢᠭᠤᠯᠬᠤ ᠬᠡᠷᠡᠭᠲᠡᠢ ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠯᠦᠭᠡ ᠶᠢᠨ ᠠᠵᠢᠯ ᠤᠨ ᠬᠠᠷᠢᠯᠴᠠᠭ᠎ᠠ ᠪᠠᠨ ᠤᠯᠠᠮ ᠨᠢᠭᠡ ᠠᠯᠬᠤᠮ ᠨᠢᠭᠲᠠᠷᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠢ ᠴᠢᠨᠠᠷ ᠰᠠᠶᠢᠲᠠᠢ ᠰᠠᠶᠢᠲᠤᠷ ᠬᠢᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠤᠰᠤᠭᠠᠷ ᠬᠢᠨᠠᠯᠲᠠ ᠲᠠᠯᠪᠢᠬᠤ ᠪᠠ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠰᠠᠨᠠᠭᠤᠯᠭ᠎ᠠ ᠲᠤᠷᠠᠳᠤᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠴᠠᠭ ᠲᠤᠬᠠᠢ ᠳᠤᠨᠢ ᠠᠰᠠᠭᠤᠳᠠᠯ ᠢ ᠢᠯᠡᠷᠡᠭᠦᠯᠵᠦ ᠰᠢᠢᠳᠪᠦᠷᠢᠯᠡᠬᠦ ᠶᠢ ᠠᠬᠢᠭᠤᠯᠵᠤ᠂ ᠠᠵᠢᠯ ᠤᠨ ᠴᠢᠨᠠᠷ ᠢᠶᠠᠨ ᠲᠠᠰᠤᠷᠠᠯᠳᠠ ᠦᠭᠡᠢ ᠲᠡᠭᠡᠭᠰᠢᠯᠡᠭᠦᠯᠬᠦ ᠬᠡᠷᠡᠭᠳᠡᠢ ᠭᠡᠵᠤ ᠱᠠᠭᠠᠠᠷᠳᠠᠪᠠ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ 
ᠢᠷᠡᠯᠲᠡ᠄ ᠲᠢᠩᠬᠢᠮ ᠤᠨ ᠠᠯᠪᠠᠨ ᠭᠡᠷ
Baidu
map