ᠦᠰᠦᠭ ᠪᠢᠴᠢᠭ ᠢᠶᠠᠷ ᠥᠭᠦᠯᠡᠬᠦᠢ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠢᠨᠵᠧᠨᠧᠷᠢᠩ ᠤᠨ ᠳᠠᠭᠠᠭᠠᠴᠢᠯᠠᠯᠲᠠ ᠵᠠᠷᠯᠠᠬᠤ ᠶᠢ ᠣᠷᠣᠯᠠᠬᠤ ᠪᠠᠶᠢᠭᠤᠯᠤᠮᠵᠢ ᠵᠢᠴᠢ ᠪᠤᠰᠤᠳ ᠲᠥᠰᠥᠯ ᠤᠨ ᠬᠠᠷᠢᠭᠤᠴᠠᠯᠭᠠᠲᠠᠨ ᠤ ᠢᠲᠡᠭᠡᠮᠵᠢ ᠶᠢᠨ ᠦᠨᠡᠯᠡᠯᠲᠡ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/9/29
    ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠢᠨᠵᠧᠨᠧᠷᠢᠩ ᠤᠨ ᠳᠠᠭᠠᠭᠠᠴᠢᠯᠠᠯᠲᠠ ᠵᠠᠷᠯᠠᠬᠤ ᠶᠢ ᠣᠷᠣᠯᠠᠬᠤ ᠪᠠᠶᠢᠭᠤᠯᠤᠮᠵᠢ ᠵᠢᠴᠢ ᠪᠤᠰᠤᠳ ᠲᠥᠰᠥᠯ ᠤᠨ ᠬᠠᠷᠢᠭᠤᠴᠠᠯᠭᠠᠲᠠᠨ ᠤ ᠢᠲᠡᠭᠡᠮᠵᠢ ᠶᠢᠨ ᠦᠨᠡᠯᠡᠯᠲᠡ ᠶᠢᠨ ᠠᠷᠭ᠎ᠠ ︵ᠲᠤᠷᠰᠢᠨ ᠬᠡᠷᠡᠭᠵᠢᠭᠦᠯᠬᠦ︶ ︾ ︵ᠥᠪᠥᠷ ᠪᠠᠶᠢᠭᠤᠯᠤᠯᠲᠠ ᠵᠠᠬ᠎ᠠ ﹇2024﹈ 164 ᠳ᠋ᠦ᠋ᠭᠡᠷ ᠲᠣᠭᠠᠲᠤ᠂ ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ ︶ ᠶᠢ ᠳᠠᠷᠤᠮᠠᠯᠯᠠᠨ ᠲᠠᠷᠬᠠᠭᠠᠪᠠ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠵᠢᠴᠢ ᠨᠡᠶᠢᠭᠡᠮ ᠨᠡᠶᠢᠲᠡ ᠶᠢᠨ ᠬᠠᠮᠢᠶ᠎ᠠ ᠪᠥᠬᠦᠶ ᠠᠭᠤᠯᠭ᠎ᠠ ᠶᠢ ᠨᠠᠩ ᠰᠠᠶᠢᠲᠤᠷ ᠣᠶᠢᠯᠠᠭᠠᠬᠤ ᠳᠤ ᠲᠥᠬᠦᠮ ᠦᠵᠡᠭᠦᠯᠬᠦ ᠶᠢᠨ ᠲᠤᠰᠠᠳᠠ᠂ ᠡᠳᠦᠭᠡ ︽ᠠᠷᠭ᠎ᠠ︾ ᠶᠢᠨ ᠬᠤᠯᠪᠣᠭᠳᠠᠯ ᠪᠥᠬᠦᠶ ᠠᠭᠤᠯᠭ᠎ᠠ ᠶᠢ ᠳᠣᠤᠷᠠᠬᠢ ᠮᠡᠲᠦ ᠲᠠᠶᠢᠯᠪᠤᠷᠢᠯᠠᠶ᠎ᠠ᠃    ᠨᠢᠭᠡ᠂ ᠨᠡᠶᠢᠲᠡᠯᠡᠭᠰᠡᠨ ᠠᠬᠤᠢ ᠪᠠᠶᠢᠳᠠᠯ    ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠂ ᠭᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠲᠦᠬᠦᠭᠡᠷᠥᠮᠵᠢ ᠶᠢᠨ ᠢᠨᠵᠧᠨᠧᠷᠢᠩ ︵ᠳᠣᠷᠤᠭᠰᠢ ᠢᠨᠵᠧᠨᠧᠷᠢᠩ ᠭᠡᠵᠦ ᠳᠦᠭᠦᠮᠴᠢᠯᠡᠨ᠎ᠡ︶ ᠤᠨ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠳᠤ ᠣᠷᠣᠯᠴᠠᠬᠤ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠢᠨᠵᠧᠨᠧᠷᠢᠩ ᠤᠨ ᠳᠠᠭᠠᠭᠠᠴᠢᠯᠠᠯᠲᠠ ᠵᠠᠷᠯᠠᠬᠤ ᠶᠢ ᠣᠷᠣᠯᠠᠬᠤ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠢᠨᠵᠧᠨᠧᠷᠢᠩ ᠤᠨ ᠳᠠᠭᠠᠭᠠᠴᠢᠯᠠᠯᠲᠠ ᠵᠠᠷᠯᠠᠬᠤ ᠶᠢ ᠣᠷᠣᠯᠠᠬᠤ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠤᠨ᠂ ᠢᠲᠡᠭᠡᠮᠵᠢ ᠪᠠᠷ ᠰᠠᠭᠤᠷᠢ ᠪᠣᠯᠭᠠᠭᠰᠠᠨ ᠰᠢᠨ᠎ᠡ ᠮᠠᠶ᠋ᠢᠭ ᠤᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠪᠠᠶᠢᠭᠤᠯᠤᠨ᠂ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠳᠤ ᠣᠷᠣᠯᠴᠠᠬᠤ ᠬᠦᠷᠢᠶᠡᠨ ᠳᠠᠬᠢ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢᠨ ᠲᠥᠯᠥᠭᠡ᠂︽ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠰᠥᠯ ᠤᠨ ᠳᠠᠭᠠᠭᠠᠴᠢᠯᠠᠯᠲᠠ ᠵᠠᠷᠯᠠᠬᠤ ᠶᠢ ᠣᠷᠣᠯᠠᠬᠤ ᠪᠠᠶᠢᠭᠤᠯᠤᠮᠵᠢ ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ ᠶᠢ ᠦᠭᠡᠶᠢᠰᠬᠡᠨ ᠠᠵᠢᠯ ᠬᠡᠷᠡᠭ ᠤᠨ ᠶᠠᠪᠤᠴᠠ ᠳᠠᠬᠢ ᠪᠠ ᠠᠵᠢᠯ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠣᠷᠣᠨ ᠰᠠᠭᠤᠴᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ︵ ᠪᠠᠶᠢᠭᠤᠯᠤᠯᠲᠠ ᠠᠯᠪᠠᠨ ᠵᠠᠬ᠎ᠠ ﹇ 2017﹈ 77 ᠳ᠋ᠤᠭᠠᠷ ᠲᠣᠭᠠᠲᠤ︶᠂ ︽ᠭᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠪᠠᠷᠢᠯᠭ᠎ᠠ ᠶᠢᠨ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠳᠤ ᠣᠷᠣᠯᠴᠠᠬᠤ ᠶᠢᠨ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠵᠢᠯᠣᠭᠤᠳᠬᠤ ᠰᠠᠨᠠᠯ︾ ︵ ᠪᠠᠶᠢᠭᠤᠯᠤᠯᠲᠠ ᠬᠤᠲᠠ ᠲᠣᠭᠲᠠᠭᠠᠯ ﹇ 2019﹈ 11 ᠳ᠋ᠦ᠋ᠭᠡᠷ ᠲᠣᠭᠠᠲᠤ︶᠂ ︽ᠠᠵᠢᠯ ᠲᠥᠷᠥᠯ ᠤᠨ ᠢᠲᠡᠭᠡᠮᠵᠢ ᠶᠢᠨ ᠦᠨᠡᠯᠡᠯᠲᠡ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠮᠡᠳᠡᠭᠳᠡᠯ︾ ︵ᠥᠪᠥᠷ ᠬᠥᠭᠵᠢᠭᠦᠯᠦᠯᠲᠡ ᠥᠭᠡᠷᠡᠴᠢᠯᠡᠯᠲᠡ ᠡᠳ᠋ ᠮᠥᠩᠭᠦ ᠥᠰᠥᠭ ﹇ 2020 ﹈ 570 ᠳ᠋ᠤᠭᠠᠷ ᠲᠣᠭᠠᠲᠤ︶ ᠪᠠ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠳᠠᠲᠠᠢ ᠲᠠᠢ ᠤᠶᠠᠯᠳᠤᠭᠤᠯᠤᠨ ︽ᠠᠷᠭ᠎ᠠ︾ ᠶᠢ ᠰᠤᠳᠤᠯᠤᠨ ᠲᠣᠭᠲᠠᠭᠠᠪᠠ᠃    ᠬᠤᠶᠠᠷ᠂ ᠲᠤᠭᠤᠷᠪᠢᠭᠰᠠᠨ ᠶᠠᠪᠤᠴᠠ    2024 ᠣᠨ ᠤ 3 ᠳ᠋ᠤᠭᠠᠷ ᠰᠠᠷ᠎ᠠ ᠶᠢᠨ 18 ᠤ ᠡᠳᠦᠷ᠂ 14 ᠠᠶᠢᠮᠠᠭ ᠬᠤᠲᠠ ︵ᠲᠤᠰᠠᠭᠠᠷ ᠲᠥᠯᠥᠪᠯᠡᠭᠡᠲᠦ ᠬᠤᠲᠠ ᠶᠢ ᠪᠠᠭᠲᠠᠭᠠᠨ᠎ᠠ︶ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠭᠠᠵᠠᠷ ᠠᠯᠪᠠᠨ ᠭᠡᠷ᠂ ᠨᠢᠭᠡᠴᠢ ᠵᠢᠴᠢ ᠥᠪᠡᠷᠲᠡᠭᠡᠨ ᠵᠠᠰᠠᠬᠤ ᠣᠷᠣᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠨᠡᠶᠢᠭᠡᠮᠯᠢᠭ ᠠᠴᠠ ᠰᠠᠨᠠᠯ ᠰᠠᠨᠠᠭᠤᠯᠭ᠎ᠠ ᠬᠤᠷᠢᠶᠠᠪᠠ᠃ ᠡᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠫᠣᠷᠲ᠋ᠧᠯ ᠰᠦᠯᠵᠢᠶ᠎ᠡ ᠪᠠᠷ ᠳᠠᠮᠵᠢᠭᠤᠯᠤᠨ ᠨᠡᠶᠢᠭᠡᠮ ᠳᠤ ᠬᠠᠨᠳᠤᠭᠤᠯᠤᠨ ᠢᠯᠡ ᠪᠠᠷ ᠰᠠᠨᠠᠯ ᠰᠠᠨᠠᠭᠤᠯᠭ᠎ᠠ ᠬᠤᠷᠢᠶᠠᠪᠠ᠃ 4 ᠳ᠋ᠦ᠋ᠭᠡᠷ ᠰᠠᠷ᠎ᠠ ᠶᠢᠨ 23 ᠤ ᠡᠳᠦᠷ ᠭᠡᠷᠡᠴᠢᠯᠡᠭᠡ ᠰᠣᠨᠣᠰᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ︽ᠠᠷᠭ᠎ᠠ︾ ᠳᠤ ᠭᠡᠷᠡᠴᠢᠯᠡᠭᠡ ᠰᠣᠨᠣᠰᠬᠤ ᠬᠤᠷᠠᠯ ᠬᠢᠪᠡ᠃ 6 ᠳ᠋ᠤᠭᠠᠷ ᠰᠠᠷ᠎ᠠ ᠶᠢᠨ 18 ᠤ ᠡᠳᠦᠷ᠂ ᠲᠤᠰᠬᠠᠢ ᠰᠡᠳᠦᠪᠲᠦ ᠵᠥᠪᠯᠡᠯᠭᠡᠨ ᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ︽ᠠᠷᠭ᠎ᠠ︾ ᠶᠢᠨ ᠬᠠᠮᠢᠶ᠎ᠠ ᠪᠦᠬᠦᠢ ᠠᠭᠤᠯᠭ᠎ᠠ ᠶᠢᠨ ᠲᠤᠬᠠᠢ ᠲᠤᠰᠬᠠᠢ ᠰᠡᠳᠦᠪᠲᠦ ᠵᠥᠪᠯᠡᠯᠭᠡ ᠬᠢᠪᠡ᠃    ᠭᠤᠷᠪᠠ᠂ ᠭᠤᠣᠯ ᠠᠭᠤᠯᠭ᠎ᠠ    ︽ᠠᠷᠭ᠎ᠠ︾ ᠶᠢ ᠵᠢᠷᠭᠤᠭᠠᠨ ᠪᠦᠯᠦᠭ ᠬᠤᠪᠢᠶᠠᠵᠤ᠂ ᠶᠡᠷᠦᠩᠬᠡᠶ ᠲᠦᠷᠢᠮ᠂ ᠡᠩ ᠤᠨ ᠲᠣᠭᠲᠠᠭᠠᠯ᠂ ᠢᠲᠡᠭᠡᠮᠵᠢ ᠶᠢᠨ ᠦᠨᠡᠯᠡᠯᠲᠡ᠂ ᠢᠲᠡᠭᠡᠮᠵᠢ ᠶᠢᠨ ᠦᠨᠡᠯᠡᠯᠲᠡ ᠶᠢᠨ ᠦᠷ᠎ᠡ ᠳ᠋ᠦᠩ ᠢ ᠬᠡᠷᠡᠭᠯᠡᠬᠦ᠂ ᠬᠢᠨᠠᠯᠲᠠ ᠬᠠᠮᠢᠶᠠᠷᠤᠯᠲᠠ ᠂ ᠳᠠᠭᠠᠯᠳᠤᠭᠤᠯᠤᠯ ᠲᠦᠷᠢᠮ ᠢ ᠪᠠᠭᠲᠠᠭᠠᠨ᠎ᠠ᠃ ︽ᠠᠷᠭ᠎ᠠ︾ ᠶᠢ ᠲᠣᠭᠲᠠᠭᠠᠭᠰᠠᠨ ᠵᠣᠷᠢᠯᠭ᠎ᠠ ᠪᠠ ᠦᠨᠳᠦᠰᠦᠯᠡᠯ᠂ ᠬᠡᠷᠡᠭᠯᠡᠬᠦ ᠬᠡᠪᠴᠢᠶ᠎ᠡ᠂ ᠳᠠᠭᠠᠭᠠᠴᠢᠯᠠᠯᠲᠠ ᠵᠠᠷᠯᠠᠬᠤ ᠶᠢ ᠣᠷᠣᠯᠠᠬᠤ ᠪᠠᠶᠢᠭᠤᠯᠤᠮᠵᠢ ᠶᠢᠨ ᠠᠵᠢᠯ ᠤᠨ ᠵᠠᠭᠪᠤᠷ᠂ ᠢᠲᠡᠭᠡᠮᠵᠢ ᠶᠢᠨ ᠮᠡᠳᠡᠭᠡ ᠵᠠᠩᠭᠢ ᠶᠢ ᠪᠦᠷᠢᠯᠳᠦᠭᠦᠯᠬᠦ ᠬᠢᠭᠡᠳ ᠴᠤᠭᠯᠠᠭᠤᠯᠬᠤ ᠠᠷᠭ᠎ᠠ ᠮᠠᠶ᠋ᠢᠭ᠂ ᠢᠲᠡᠭᠡᠮᠵᠢ ᠶᠢᠨ ᠮᠡᠳᠡᠭᠡ ᠵᠠᠩᠭᠢ ᠶᠢ ᠬᠢᠨᠠᠨ ᠬᠠᠷᠭᠤᠭᠤᠯᠬᠤ᠂ ᠢᠯᠡ ᠨᠡᠶᠢᠲᠡᠯᠡᠬᠦ᠂ ᠳᠠᠬᠢᠨ ᠬᠢᠨᠠᠬᠤ᠂ ᠢᠯᠡ ᠪᠣᠯᠭᠠᠬᠤ ᠴᠠᠭ ᠬᠤᠭᠤᠴᠠᠭ᠎ᠠ᠂ ᠰᠡᠷᠭᠦᠭᠡᠬᠦ᠂ ᠳᠠᠭᠠᠭᠠᠴᠢᠯᠠᠯᠲᠠ ᠵᠠᠷᠯᠠᠬᠤ ᠶᠢ ᠣᠷᠣᠯᠠᠬᠤ ᠪᠠᠶᠢᠭᠤᠯᠤᠮᠵᠢ ᠶᠢᠨ ᠢᠲᠡᠭᠡᠮᠵᠢ ᠶᠢ ᠦᠨᠡᠯᠡᠬᠦ ᠦᠶᠡᠯᠡᠯ᠂ ᠦᠨᠡᠯᠡᠬᠦ ᠠᠷᠭ᠎ᠠ᠂ ᠦᠨᠡᠯᠡᠭᠰᠡᠨ ᠦᠷ᠎ᠡ ᠳ᠋ᠦᠩ ᠤᠨ ᠵᠡᠷᠭᠡ ᠳᠡᠰ ᠢ ᠬᠤᠪᠢᠶᠠᠷᠢᠯᠠᠬᠤ᠂ ᠲᠥᠰᠥᠯ ᠤᠨ ᠬᠠᠷᠢᠭᠤᠴᠠᠯᠭᠠᠲᠠᠨ ᠤ ᠢᠲᠡᠭᠡᠮᠵᠢ ᠶᠢ ᠦᠨᠡᠯᠡᠬᠦ ᠠᠷᠭ᠎ᠠ ᠵᠢᠴᠢ ᠢᠲᠡᠭᠡᠮᠵᠢ ᠶᠢᠨ ᠦᠨᠡᠯᠡᠯᠲᠡ ᠶᠢᠨ ᠦᠷ᠎ᠡ ᠳ᠋ᠦᠩ ᠢ ᠱᠠᠲᠤ ᠲᠥᠷᠥᠯ ᠬᠤᠪᠢᠶᠠᠨ ᠬᠠᠮᠢᠶᠠᠷᠬᠤ ᠠᠷᠭ᠎ᠠ ᠬᠡᠮᠵᠢᠶ᠎ᠡ ᠵᠡᠷᠭᠡ ᠠᠭᠤᠯᠭ᠎ᠠ ᠶᠢ ᠲᠣᠳᠣᠷᠬᠠᠶᠢᠯᠠᠨ ᠥᠭᠦᠯᠡᠪᠡ᠃    ᠳᠥᠷᠪᠡ᠂ ᠲᠥᠷᠥ ᠶᠢᠨ ᠪᠣᠳᠣᠯᠭ᠎ᠠ ᠶᠢᠨ ᠣᠨᠴᠠᠯᠢᠭ    ︵ᠨᠢᠭᠡ︶ ᠢᠨᠵᠧᠨᠧᠷᠢᠩ ᠤᠨ ᠳᠠᠭᠠᠭᠠᠴᠢᠯᠠᠯᠲᠠ ᠵᠠᠷᠯᠠᠬᠤ ᠶᠢ ᠣᠷᠣᠯᠠᠬᠤ ᠪᠠᠶᠢᠭᠤᠯᠤᠮᠵᠢ ᠶᠢᠨ ᠬᠦᠯᠢᠶᠡᠨ ᠠᠪᠤᠭᠰᠠᠨ ᠳᠠᠭᠠᠭᠠᠴᠢᠯᠠᠯᠲᠠ ᠵᠠᠷᠯᠠᠬᠤ ᠶᠢᠨ ᠣᠷᠣᠯᠠᠬᠤ ᠲᠤᠬᠠᠶᠢᠯᠠᠭᠰᠠᠨ ᠠᠵᠢᠯ ᠤᠨ ᠶᠣᠰᠣᠭᠠᠷ ᠲᠣᠰ ᠲᠣᠰ ᠲᠥᠷᠥᠯ ᠵᠦᠢᠯ ᠤᠨ ᠳᠤᠭᠤᠶᠢᠯᠠᠩ ᠪᠠᠶᠢᠭᠤᠯᠵᠤ᠂ ᠲᠥᠰᠥᠯ ᠤᠨ ᠬᠠᠷᠢᠭᠤᠴᠠᠯᠭᠠᠲᠠᠨ ᠤ ᠳᠦᠷᠢᠮ ᠢ ᠬᠡᠷᠡᠭᠵᠢᠭᠦᠯᠦᠨ᠎ᠡ ᠭᠡᠵᠦ ᠲᠣᠳᠣᠷᠬᠠᠶᠢᠯᠠᠵᠠᠢ᠃    ︵ᠬᠤᠶᠠᠷ︶ ︽ᠬᠡᠨ ᠮᠠᠭᠠᠳᠯᠠᠨ ᠲᠣᠭᠲᠠᠭᠠᠭᠰᠠᠨ ᠪᠣᠯ ᠲᠡᠷᠡ ᠰᠡᠷᠭᠦᠭᠡᠨ ᠵᠠᠰᠠᠬᠤ︾ ᠵᠠᠷᠴᠢᠮ ᠶᠣᠰᠣᠭᠠᠷ᠂ ᠢᠲᠡᠭᠡᠮᠵᠢ ᠶᠢᠨ ᠮᠡᠳᠡᠭᠡ ᠵᠠᠩᠭᠢ ᠶᠢ ᠵᠠᠰᠠᠨ ᠰᠡᠷᠭᠦᠭᠡᠬᠦ ᠲᠦᠷᠢᠮ ᠢ ᠪᠠᠶᠢᠭᠤᠯᠬᠤ ᠶᠢ ᠲᠣᠳᠣᠷᠬᠠᠶᠢᠯᠠᠪᠠ᠃ ᠢᠲᠡᠭᠡᠮᠵᠢ ᠠᠯᠳᠠᠭᠰᠠᠨ ᠮᠡᠳᠡᠭᠡ ᠵᠠᠩᠭᠢ ᠶᠢ ᠢᠯᠡ ᠨᠡᠶᠢᠲᠡᠯᠡᠬᠦ ᠬᠤᠭᠤᠴᠠᠭᠠᠨ ᠳᠤ᠂ ᠢᠨᠵᠧᠨᠧᠷᠢᠩ ᠤᠨ ᠳᠠᠭᠠᠭᠠᠴᠢᠯᠠᠯᠲᠠ ᠵᠠᠷᠯᠠᠬᠤ ᠶᠢ ᠣᠷᠣᠯᠠᠬᠤ ᠪᠠᠶᠢᠭᠤᠯᠤᠮᠵᠢ ᠠᠴᠠ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠢᠯᠡ ᠨᠡᠶᠢᠲᠡᠯᠡᠭᠰᠡᠨ ᠮᠡᠳᠡᠭᠡ ᠵᠠᠩᠭᠢ ᠶᠢ ᠵᠠᠰᠠᠨ ᠰᠡᠷᠭᠦᠭᠡᠭᠰᠡᠨ ᠤ ᠳᠠᠷᠠᠭ᠎ᠠ᠂ ᠲᠤᠰ ᠢᠨᠵᠧᠨᠧᠷᠢᠩ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠪᠢᠴᠢᠭ ᠢᠶᠠᠷ ᠮᠡᠳᠡᠭᠳᠡᠨ ᠬᠢᠨᠠᠯᠲᠠ ᠲᠠᠯᠪᠢᠬᠤ ᠬᠡᠷᠡᠭᠲᠡᠶ᠃    ︵ᠭᠤᠷᠪᠠ︶ ᠢᠨᠵᠧᠨᠧᠷᠢᠩ ᠤᠨ ᠳᠠᠭᠠᠭᠠᠴᠢᠯᠠᠯᠲᠠ ᠵᠠᠷᠯᠠᠬᠤ ᠶᠢ ᠣᠷᠣᠯᠠᠬᠤ ᠪᠠᠶᠢᠭᠤᠯᠤᠮᠵᠢ ᠶᠢᠨ ᠠᠵᠢᠯ ᠡᠷᠭᠢᠯᠡᠭᠰᠡᠳ ᠤᠨ ᠠᠮᠵᠢᠯᠲᠠ ᠪᠦᠲᠦᠮᠵᠢ᠂ ᠳᠠᠭᠠᠭᠠᠴᠢᠯᠠᠯᠲᠠ ᠵᠠᠷᠯᠠᠬᠤ ᠶᠢ ᠣᠷᠣᠯᠠᠬᠤ ᠦᠢᠯᠡᠴᠢᠯᠡᠭᠡᠨ ᠤ ᠪᠠᠶᠢᠳᠠᠯ ᠢ ᠬᠤᠪᠢ ᠬᠥᠮᠦᠨ ᠤ ᠢᠲᠡᠭᠡᠮᠵᠢ ᠶᠢᠨ ᠮᠡᠳᠡᠭᠡ ᠵᠠᠩᠭᠢ ᠲᠤ ᠲᠡᠮᠳᠡᠭᠯᠡᠨ ᠣᠷᠣᠭᠤᠯᠵᠤ᠂ ᠨᠢᠭᠡᠴᠢ ᠬᠤᠪᠢᠷᠠᠪᠠᠯ ᠲᠡᠮᠳᠡᠭᠯᠡᠯ ᠢ ᠦᠷᠭᠦᠯᠵᠢᠯᠡᠭᠦᠯᠦᠨ᠎ᠡ ᠭᠡᠵᠦ ᠲᠣᠳᠣᠷᠬᠠᠶᠢᠯᠠᠵᠠᠢ᠃    ︵ᠳᠥᠷᠪᠡ︶ ᠢᠨᠵᠧᠨᠧᠷᠢᠩ ᠤᠨ ᠳᠠᠭᠠᠭᠠᠴᠢᠯᠠᠯᠲᠠ ᠵᠠᠷᠯᠠᠬᠤ ᠶᠢ ᠣᠷᠣᠯᠠᠬᠤ ᠪᠠᠶᠢᠭᠤᠯᠤᠮᠵᠢ ᠶᠢᠨ ᠢᠲᠡᠭᠡᠮᠵᠢ ᠶᠢᠨ ᠦᠨᠡᠯᠡᠯᠲᠡ ᠶᠢᠨ ᠦᠶᠡᠯᠡᠯ ᠤᠨ ᠬᠤᠭᠤᠴᠠᠭ᠎ᠠ ᠨᠢ 1 ᠵᠢᠯ ᠪᠣᠯᠤᠨ᠎ᠠ᠂ ᠬᠥᠳᠡᠯᠦᠩᠭᠦᠶ ᠪᠠᠶᠢᠳᠠᠯ ᠤᠨ ᠬᠤᠪᠢ ᠲᠡᠮᠳᠡᠭᠯᠡᠬᠦ ᠲᠦᠷᠢᠮ ᠢ ᠬᠡᠷᠡᠭᠵᠢᠭᠦᠯᠦᠨ᠎ᠡ︔ ᠲᠥᠰᠥᠯ ᠤᠨ ᠬᠠᠷᠢᠭᠤᠴᠠᠯᠭᠠᠲᠠᠨ ᠢᠲᠡᠭᠡᠮᠵᠢ ᠶᠢᠨ ᠮᠡᠳᠡᠭᠡ ᠵᠠᠩᠭᠢ ᠶᠢᠨ ᠬᠥᠳᠡᠯᠦᠩᠭᠦᠶ ᠪᠠᠶᠢᠳᠠᠯ ᠤᠨ ᠬᠤᠪᠢ ᠲᠡᠮᠳᠡᠭᠯᠡᠬᠦ ᠲᠦᠷᠢᠮ ᠢ ᠬᠡᠷᠡᠭᠵᠢᠭᠦᠯᠵᠦ᠂ ᠨᠡᠶᠢᠲᠡ ᠪᠤᠶᠤ ᠨᠢᠭᠡ ᠯᠡ ᠤᠳᠠᠭ᠎ᠠ ᠳᠤ ᠲᠡᠮᠳᠡᠭᠯᠡᠭᠦᠯᠦᠭᠰᠡᠨ ᠬᠤᠪᠢ ᠨᠢ ᠬᠢᠵᠠᠭᠠᠷᠯᠠᠭᠰᠠᠨ ᠬᠤᠭᠤᠴᠠᠭᠠᠨ ᠳᠤ ᠬᠦᠷᠴᠦ᠂ ᠲᠡᠭᠦᠨ ᠳᠤ ᠵᠣᠬᠢᠴᠠᠩᠭᠤᠶ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ ᠭᠡᠵᠦ ᠲᠣᠳᠣᠷᠬᠠᠶᠢᠯᠠᠵᠠᠢ᠃    ︵ᠲᠠᠪᠤ︶ ᠢᠨᠵᠧᠨᠧᠷᠢᠩ ᠤᠨ ᠳᠠᠭᠠᠭᠠᠴᠢᠯᠠᠯᠲᠠ ᠵᠠᠷᠯᠠᠬᠤ ᠶᠢ ᠣᠷᠣᠯᠠᠬᠤ ᠪᠠᠶᠢᠭᠤᠯᠤᠮᠵᠢ ᠶᠢᠨ ᠢᠲᠡᠭᠡᠮᠵᠢ ᠶᠢᠨ ᠦᠨᠡᠯᠡᠯᠲᠡ ᠶᠢᠨ ᠦᠷ᠎ᠡ ᠳ᠋ᠦᠩ ᠢ ᠰᠢᠯᠢᠳᠡᠭ ︵A︶᠂ ᠰᠠᠶᠢᠨ ︵B︶᠂ ᠵᠢᠭᠠᠬᠠᠨ ᠠᠨᠠᠶ ︵C︶᠂ ᠠᠨᠠᠶ ︵D︶ ᠵᠡᠷᠭᠡ ᠳᠥᠷᠪᠡᠨ ᠳᠡᠰ ᠬᠤᠪᠢᠶᠠᠨ᠎ᠠ ᠭᠡᠵᠦ ᠲᠣᠳᠣᠷᠬᠠᠶᠢᠯᠠᠵᠠᠢ᠃    ︵ᠵᠢᠷᠭᠤᠭ᠎ᠠ︶ ᠢᠨᠵᠧᠨᠧᠷᠢᠩ ᠤᠨ ᠳᠠᠭᠠᠭᠠᠴᠢᠯᠠᠯᠲᠠ ᠵᠠᠷᠯᠠᠬᠤ ᠶᠢ ᠣᠷᠣᠯᠠᠬᠤ ᠪᠠᠶᠢᠭᠤᠯᠤᠮᠵᠢ ᠵᠢᠴᠢ ᠲᠡᠭᠦᠨ ᠤ ᠲᠥᠰᠥᠯ ᠤᠨ ᠬᠠᠷᠢᠭᠤᠴᠠᠯᠭᠠᠲᠠᠨ ᠤ ᠢᠲᠡᠭᠡᠮᠵᠢ ᠶᠢᠨ ᠦᠨᠡᠯᠡᠯᠲᠡ ᠶᠢᠨ ᠦᠷ᠎ᠡ ᠳ᠋ᠦᠩ ᠢ ᠦᠨᠳᠦᠰᠦᠯᠡᠨ ᠵᠣᠬᠢᠴᠠᠩᠭᠤᠶ ᠵᠥᠷᠢᠶᠡᠴᠢᠯᠡᠭᠰᠡᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ ᠭᠡᠵᠦ ᠲᠣᠳᠣᠷᠬᠠᠶᠢᠯᠠᠵᠠᠢ᠃    ︵ᠳᠣᠯᠤᠭ᠎ᠠ︶ ᠭᠤᠣᠯᠳᠠᠯᠭ᠎ᠠ ᠲᠠᠢ ᠬᠢᠨᠠᠨ ᠬᠠᠮᠢᠶᠠᠷᠬᠤ ᠢᠨᠵᠧᠨᠧᠷᠢᠩ ᠢᠶᠠᠷ ᠵᠢᠭᠰᠠᠭᠠᠨ ᠣᠷᠣᠭᠤᠯᠤᠭᠰᠠᠨ ᠪᠠᠶᠢᠳᠠᠯ ᠢ ᠲᠣᠳᠣᠷᠬᠠᠶᠢᠯᠠᠵᠠᠢ᠂ ᠨᠢᠭᠡ ᠳᠤ ᠢᠨᠵᠧᠨᠧᠷᠢᠩ ᠤᠨ ᠳᠠᠭᠠᠭᠠᠴᠢᠯᠠᠯᠲᠠ ᠵᠠᠷᠯᠠᠬᠤ ᠶᠢ ᠣᠷᠣᠯᠠᠬᠤ ᠪᠠᠶᠢᠭᠤᠯᠤᠮᠵᠢ ᠶᠢᠨ ᠢᠲᠡᠭᠡᠮᠵᠢ ᠶᠢᠨ ᠦᠨᠡᠯᠡᠯᠲᠡ ᠶᠢᠨ ᠦᠷ᠎ᠡ ᠳ᠋ᠦᠩ ᠨᠢ ᠠᠨᠠᠢ ︵D︶ ᠮᠥᠷᠲᠡᠭᠡᠨ ᠢᠲᠡᠭᠡᠮᠵᠢ ᠶᠢᠨ ᠦᠨᠡᠯᠡᠯᠲᠡ ᠶᠢᠨ ᠦᠷ᠎ᠡ ᠳ᠋ᠦᠩ ᠤᠨ ᠬᠦᠴᠦᠨ ᠲᠠᠢ ᠬᠤᠭᠤᠴᠠᠭᠠᠨ ᠳᠣᠲᠣᠷ᠎ᠠ᠂ ᠳᠠᠭᠠᠭᠠᠴᠢᠯᠠᠯᠲᠠ ᠵᠠᠷᠯᠠᠭᠴᠢ ᠠᠴᠠ ᠲᠡᠭᠦᠨ ᠢ ᠨᠠᠶᠢᠳᠠᠵᠤ ᠣᠷᠣᠯᠠᠭᠤᠯᠤᠭᠰᠠᠨ ᠢᠨᠵᠧᠨᠧᠷᠢᠩ︔ ᠬᠤᠶᠠᠷ ᠲᠤ ᠢᠨᠵᠧᠨᠧᠷᠢᠩ ᠤᠨ ᠳᠠᠭᠠᠭᠠᠴᠢᠯᠠᠯᠲᠠ ᠵᠠᠷᠯᠠᠬᠤ ᠶᠢᠨ ᠣᠷᠣᠯᠠᠨ ᠭᠦᠢᠴᠡᠳᠬᠡᠬᠦ ᠪᠠᠶᠢᠭᠤᠯᠤᠮᠵᠢ ᠨᠢ ᠥᠪᠡᠷ ᠤᠨ ᠥᠷᠲᠡᠭ ᠤᠨ ᠦᠨ᠎ᠡ ᠬᠠᠩᠰᠢ ᠠᠴᠠ ᠢᠯᠡᠷᠬᠡᠶ ᠳᠣᠤᠷ᠎ᠠ ᠪᠠᠶᠢᠬᠤ ᠢᠨᠵᠧᠨᠧᠷᠢᠩ᠃    ᠲᠠᠶᠢᠯᠪᠤᠷᠢᠯᠠᠭᠴᠢ᠄ ᠯᠢ ᠱᠤᠸᠠᠢ    ᠬᠠᠷᠢᠯᠴᠠᠬᠤ ᠤᠲᠠᠰᠤ᠄ 6944410 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ
Baidu
map