ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠣᠷᠳᠣᠨ ᠡᠵᠡᠩᠨᠡᠯᠲᠡ ᠶᠢᠨ ᠪᠤᠰᠤ ᠴᠢᠨᠠᠷᠲᠠᠢ ᠲᠥᠷᠥᠯ ᠵᠦᠢᠯ ᠤᠨ ᠣᠷᠣᠯᠠᠨ ᠪᠠᠶᠢᠭᠤᠯᠬᠤ ᠲᠥᠪ ᠣᠷᠣᠯᠠᠨ ᠪᠠᠶᠢᠭᠤᠯᠵᠤ ᠪᠠᠶᠢᠭ᠎ᠠ ᠲᠥᠷᠥᠯ ᠵᠦᠢᠯ ᠤᠨ ᠠᠮᠤᠷ ᠲᠦᠪᠰᠢᠨ ᠤ ᠶᠠᠰᠤ ᠴᠢᠨᠠᠷ ᠤᠨ ᠪᠠᠶᠢᠴᠠᠭᠠᠯᠲᠠ ᠦᠷᠨᠢᠭᠦᠯᠪᠡ
ᠨᠡᠶᠢᠲᠡᠯᠡᠭᠰᠡᠨ ᠴᠠᠭ᠄
2024/9/30
    9 ᠳ᠋ᠤᠭᠡᠷ ᠰᠠᠷ᠎ᠠ ᠶᠢᠨ 25 ᠤ ᠡᠳᠦᠷ ᠠᠴᠠ 27 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠡᠵᠡᠩᠨᠡᠯᠲᠡ ᠶᠢᠨ ᠪᠤᠰᠤ ᠴᠢᠨᠠᠷᠲᠠᠢ ᠲᠥᠷᠥᠯ ᠵᠦᠢᠯ ᠤᠨ ᠣᠷᠣᠯᠠᠨ ᠪᠠᠶᠢᠭᠤᠯᠬᠤ ᠲᠥᠪ ᠤᠨ ᠡᠷᠬᠢᠯᠡᠭᠴᠢ ᠯᠢᠦ ᠸᠧᠨ ᠢᠦᠢ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠡᠵᠡᠩᠨᠡᠯᠲᠡ ᠶᠢᠨ ᠪᠤᠰᠤ ᠴᠢᠨᠠᠷᠲᠠᠢ ᠲᠥᠷᠥᠯ ᠵᠦᠢᠯ ᠤᠨ ᠣᠷᠣᠯᠠᠨ ᠪᠠᠶᠢᠭᠤᠯᠬᠤ ᠲᠥᠪ ᠤᠨ ᠪᠠᠶᠢᠴᠠᠭᠠᠬᠤ ᠳᠤᠭᠤᠶᠢᠯᠠᠩ ᠢ ᠳᠠᠭᠠᠭᠤᠯᠤᠨ ᠪᠠᠶᠢᠭᠤᠯᠵᠤ ᠪᠠᠶᠢᠭ᠎ᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠣᠷᠣᠯᠠᠨ ᠪᠠᠶᠢᠭᠤᠯᠬᠤ ᠲᠥᠷᠥᠯ ᠵᠦᠢᠯ ᠳᠤ ᠠᠶᠤᠯᠭᠦᠢ ᠦᠢᠯᠡᠳᠪᠦᠷᠢᠯᠡᠯ ᠪᠠ ᠪᠠᠷᠢᠯᠭ᠎ᠠ ᠶᠢᠨ ᠶᠠᠰᠤ ᠴᠢᠨᠠᠷ ᠤᠨ ᠪᠠᠶᠢᠴᠠᠭᠠᠯᠲᠠ ᠬᠢᠪᠡ᠃
W020240929334061245380.png
    ᠪᠠᠶᠢᠴᠠᠭᠠᠬᠤ ᠳᠤᠭᠤᠶᠢᠯᠠᠩ ᠤᠨ ᠬᠢᠨ ᠡᠯ᠎ᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ ᠂ ᠲᠦᠷᠦᠯ ᠵᠦᠢᠯ ᠤᠨ ᠳᠦᠷᠢ ᠲᠥᠷᠬᠦ ᠶᠢᠨ ᠠᠬᠢᠴᠠ᠂ ᠪᠡᠯᠡ ᠮᠥᠩᠭᠦ ᠥᠭᠬᠦ ᠪᠠ ᠭᠠᠷᠳᠠᠮ ᠢ ᠭᠦᠢᠴᠡᠳᠬᠡᠬᠦ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠲᠤᠬᠠᠢ ᠬᠠᠮᠢᠶ᠎ᠠ ᠪᠦᠬᠦᠢ ᠱᠠᠭᠠᠷᠳᠠᠯᠭ᠎ᠠ ᠳᠤᠷᠠᠳᠴᠠᠢ᠃ ᠡᠭᠦᠨ ᠤ ᠬᠠᠮᠲᠤ᠂ ᠡᠯ᠎ᠡ ᠲᠥᠷᠥᠯ ᠵᠦᠢᠯ ᠤᠨ ᠪᠠᠷᠢᠯᠭ᠎ᠠ ᠶᠢᠨ ᠠᠵᠢᠯ ᠤᠨ ᠠᠮᠤᠷ ᠲᠦᠪᠰᠢᠨ᠂ ᠶᠠᠰᠤ ᠴᠢᠨᠠᠷ ᠤᠨ ᠬᠠᠮᠢᠶᠠᠷᠤᠯᠲᠠ᠂ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠠᠵᠢᠯᠲᠠᠨ ᠤ ᠡᠭᠦᠷᠭᠡ ᠲᠤᠰᠢᠶᠠᠯ ᠢᠶᠠᠨ ᠭᠦᠢᠴᠡᠳᠬᠡᠭᠰᠡᠨ ᠪᠠ ᠲᠤᠬᠠᠢ ᠶᠢᠨ ᠲᠠᠯᠠᠪᠤᠷ ᠤᠨ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠵᠡᠷᠭᠡ ᠪᠠᠶᠢᠳᠠᠯ ᠤᠨ ᠲᠣᠭᠤᠷᠢᠨ ᠳᠤ ᠪᠥᠬᠦ ᠲᠠᠯ᠎ᠠ ᠶᠢᠨ᠂ ᠨᠠᠷᠢᠨ ᠪᠣᠳᠠᠲᠠᠢ ᠪᠠᠶᠢᠴᠠᠭᠠᠯᠲᠠ ᠬᠢᠵᠦ᠂ ᠢᠯᠡᠷᠡᠭᠦᠯᠦᠭᠰᠡᠨ ᠠᠰᠠᠭᠤᠳᠠᠯ ᠳᠤ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠬᠠᠭᠤᠳᠠᠰᠤ ᠪᠠᠭᠤᠯᠭᠠᠵᠤ᠂ ᠡᠯ᠎ᠡ ᠲᠥᠷᠥᠯ ᠵᠦᠢᠯ ᠳᠤ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠢ ᠭᠡᠵᠦ ᠱᠠᠭᠠᠷᠳᠤᠵᠠᠢ᠃
W020240929334061306980.png
    ᠪᠠᠶᠢᠴᠠᠭᠠᠬᠤ ᠳᠤᠭᠤᠶᠢᠯᠠᠩ ᠠᠴᠠ᠂ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠢ ᠨᠦᠭᠦᠳ ᠠᠶᠤᠯᠭᠦᠢ ᠦᠢᠯᠡᠳᠪᠦᠷᠢᠯᠡᠯ ᠪᠠ ᠪᠠᠷᠢᠯᠭ᠎ᠠ ᠶᠢᠨ ᠶᠠᠰᠤ ᠴᠢᠨᠠᠷ ᠢ ᠢᠮᠠᠭᠲᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠡᠷᠢᠭᠦᠨ ᠴᠢᠬᠤᠯᠠ ᠶᠠᠪᠤᠳᠠᠯ ᠪᠣᠯᠭᠠᠵᠤ᠂ ᠨᠠᠩ ᠥᠨᠳᠥᠷ ᠪᠠᠷᠢᠮᠵᠢᠶ᠎ᠠ᠂ ᠨᠠᠩ ᠴᠢᠩᠭ᠎ᠠ ᠱᠠᠭᠠᠷᠳᠠᠯᠭ᠎ᠠ᠂ ᠨᠠᠩ ᠪᠣᠳᠠᠲᠠᠢ ᠠᠷᠭ᠎ᠠ ᠬᠡᠮᠵᠢᠶ᠎ᠡ ᠪᠠᠷ ᠣᠷᠣᠯᠠᠨ ᠪᠠᠶᠢᠭᠤᠯᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠦᠨᠡᠨ ᠬᠦ ᠴᠢᠨᠠᠷ ᠰᠠᠶᠢᠲᠠᠢ ᠢᠨᠵᠧᠨᠧᠷᠢᠩ ᠪᠣᠯᠭᠠᠬᠤ ᠬᠡᠷᠡᠭᠲᠡᠢ᠃ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭ᠎ᠠ ᠤᠳᠠᠯ ᠦᠭᠡᠢ ᠬᠦᠷᠴᠦ ᠢᠷᠡᠬᠦ ᠭᠡᠵᠦ ᠪᠠᠶᠢᠨ᠎ᠠ᠂ ᠲᠦᠷᠦᠯ ᠵᠦᠢᠯ ᠤᠨ ᠬᠡᠯᠳᠡᠰ ᠠᠴᠠ ᠠᠮᠠᠷᠠᠯᠲᠠ ᠶᠢᠨ ᠬᠤᠭᠤᠴᠠᠭᠠᠨ ᠤ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠠᠵᠢᠯ ᠢ ᠴᠢᠩᠭ᠎ᠠ ᠨᠠᠶᠢᠳᠠᠪᠤᠷᠢᠵᠢᠭᠤᠯᠵᠤ᠂ ᠣᠨᠴᠠᠭᠠᠢ ᠴᠠᠭ ᠠᠭᠤᠷ ᠵᠡᠷᠭᠡ ᠡᠯ᠎ᠡ ᠲᠦᠷᠦᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠠᠵᠢᠯ ᠢ ᠰᠠᠶᠢᠲᠤᠷ ᠬᠢᠵᠦ᠂ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ ᠭᠡᠵᠤ ᠱᠠᠭᠠᠷᠳᠠᠪᠠ᠃  
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠡᠵᠡᠩᠨᠡᠯᠲᠡ ᠶᠢᠨ ᠪᠤᠰᠤ ᠴᠢᠨᠠᠷᠲᠠᠢ
Baidu
map