ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠪᠥᠬᠦ ᠣᠷᠣᠨ ᠤ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠺᠠᠳᠠᠷᠴᠤᠳ ᠤᠨ ᠬᠡᠪ ᠴᠢᠨᠠᠷ ᠴᠢᠳᠠᠪᠤᠷᠢ ᠶᠢ ᠳᠡᠭᠡᠭᠰᠢᠯᠡᠭᠦᠯᠬᠦ ᠪᠤᠯᠪᠠᠰᠤᠷᠠᠯ ᠤᠨ ᠠᠩᠬᠢ ᠡᠷᠭᠢᠯᠡᠪᠡ
ᠨᠡᠶᠢᠲᠡᠯᠡᠭᠰᠡᠨ ᠴᠠᠭ᠄
2024/9/30
    9 ᠳ᠋ᠤᠭᠡᠷ ᠰᠠᠷ᠎ᠠ ᠶᠢᠨ 24 ᠤ ᠡᠳᠦᠷ ᠠᠴᠠ 27 ᠤ ᠡᠳᠦᠷ ᠪᠣᠯᠲᠠᠯ᠎ᠠ᠂ ᠪᠥᠬᠦ ᠣᠷᠣᠨ ᠤ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠺᠠᠳᠠᠷᠴᠤᠳ ᠤᠨ ᠬᠡᠪ ᠴᠢᠨᠠᠷ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠶᠢ ᠬᠥᠬᠡᠬᠤᠲᠠ ᠳᠤ ᠡᠷᠭᠢᠯᠡᠵᠦ᠂ ᠪᠥᠬᠦ ᠣᠷᠣᠨ ᠤ ᠡᠯ᠎ᠡ ᠠᠶᠢᠮᠠᠭ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠺᠠᠳ᠋ᠷ ᠨᠡᠶᠢᠲᠡ 60 ᠬᠥᠮᠥᠨ ᠪᠣᠯᠪᠠᠰᠤᠷᠠᠯ ᠳᠤ ᠣᠷᠣᠯᠴᠠᠵᠠᠢ᠃
W020240929332541056073.png
    ᠲᠣᠰ ᠤᠳᠠᠭᠠᠨ ᠤ ᠪᠣᠯᠪᠠᠰᠤᠷᠠᠯ ᠨᠢ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠣᠨᠣᠯ ᠤᠨ ᠬᠢᠴᠢᠶᠡᠯᠡᠯᠭᠡ ᠪᠠ ᠲᠤᠬᠠᠢ ᠶᠢᠨ ᠲᠠᠯᠠᠪᠤᠷ ᠤᠨ ᠵᠢᠭᠠᠨ ᠰᠤᠷᠭᠠᠯᠳᠠ ᠭᠡᠵᠤ ᠬᠤᠶᠠᠷ ᠬᠡᠰᠡᠭ ᠬᠤᠪᠢᠶᠠᠵᠤ ᠶᠠᠪᠤᠭᠳᠠᠭᠤᠯᠵᠠᠢ᠃ ᠣᠨᠣᠯ ᠤᠨ ᠬᠢᠴᠢᠶᠡᠯᠡᠯᠭᠡ ᠳᠤ ᠬᠠᠤᠯᠢ ᠶᠢᠨ ᠤᠬᠠᠭᠠᠨ ᠤ ᠲᠤᠰᠬᠠᠢ ᠮᠡᠷᠭᠡᠵᠢᠯᠲᠡᠨ ᠢ ᠤᠷᠢᠵᠤ᠂ ᠭᠤᠣᠯᠳᠠᠭᠤ ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ᠂ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠬᠠᠤᠯᠢ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠠᠰ ᠳᠠᠷᠠᠭᠠᠯᠠᠯ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠷᠪᠠᠨ ᠵᠦᠢᠯ ᠤᠨ ᠳᠦᠷᠢᠮ᠂ ᠲᠥᠪ ᠭᠤᠥᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠵᠡᠷᠭᠡ ᠠᠭᠤᠯᠭ᠎ᠠ ᠶᠢᠨ ᠲᠣᠭᠤᠷᠢᠨ ᠳᠤ ᠲᠤᠰᠬᠠᠢ ᠰᠡᠳᠦᠪ ᠢᠶᠠᠷ ᠬᠠᠪᠰᠤᠷᠤᠨ ᠵᠢᠯᠤᠭᠤᠳᠴᠤ ᠬᠢᠴᠢᠶᠡᠯᠡᠪᠡ᠃ ᠲᠤᠬᠠᠢ ᠶᠢᠨ ᠲᠠᠯᠠᠪᠤᠷ ᠤᠨ ᠵᠢᠭᠠᠨ ᠰᠤᠷᠭᠠᠯᠲᠠ ᠳᠤ᠂ ᠲᠤᠰᠬᠠᠢ ᠮᠡᠷᠭᠡᠵᠢᠯᠲᠡᠨ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠠᠵᠢᠯ ᠤᠨ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠵᠢᠭᠠᠨ ᠰᠤᠷᠭᠠᠯᠲᠠ ᠬᠢᠵᠦ᠂ ᠶᠠᠷᠢᠯᠴᠠᠨ ᠰᠠᠨᠠᠯ ᠰᠣᠯᠢᠯᠴᠠᠵᠤ᠂ ᠠᠰᠠᠭᠤᠳᠠᠯ ᠢ ᠰᠢᠢᠳᠪᠦᠷᠢᠯᠡᠬᠦ ᠠᠷᠭ᠎ᠠ ᠵᠠᠮ ᠢ ᠬᠠᠮᠲᠤ ᠪᠠᠷ ᠰᠤᠳᠤᠯᠤᠨ ᠰᠦᠪᠡᠭᠴᠢᠯᠡᠭᠰᠡᠨ ᠪᠠᠶᠢᠨ᠎ᠠ᠃
W020240929332541152591.png
        ᠲᠣᠰ ᠤᠳᠠᠭᠠᠨ ᠤ ᠪᠣᠯᠪᠠᠰᠤᠷᠠᠯ ᠤᠨ ᠠᠭᠤᠯᠭ᠎ᠠ ᠨᠢ ᠪᠠᠶᠠᠯᠢᠭ᠂ ᠭᠤᠣᠯᠳᠠᠯᠭ᠎ᠠ ᠨᠢ ᠲᠣᠪᠣᠶᠢᠮ᠎ᠠ᠂ ᠪᠣᠳᠠᠲᠤ ᠪᠠᠶᠢᠳᠠᠯ ᠳᠤ ᠣᠶᠢᠷᠠᠲᠤᠭᠰᠠᠨ᠂ ᠬᠡᠯᠪᠡᠷᠢ ᠮᠠᠶ᠋ᠢᠭ ᠨᠢ ᠣᠯᠠᠨ ᠶᠠᠩᠵᠤ ᠶᠢᠨ ᠪᠠᠶᠢᠵᠤ᠂ ᠰᠡᠳᠦᠪ ᠰᠤᠩᠭᠤᠭᠰᠠᠨ ᠨᠢ ᠬᠠᠨᠳᠤᠯᠭᠠᠲᠤ ᠴᠢᠨᠠᠷ᠂ ᠬᠡᠷᠡᠭᠯᠡᠭᠡᠨ ᠤ ᠴᠢᠨᠠᠷ ᠪᠠ ᠲᠤᠰᠬᠠᠢ ᠮᠡᠷᠭᠡᠵᠢᠯ ᠤᠨ ᠴᠢᠨᠠᠷ ᠢᠶᠠᠷ ᠴᠢᠩᠭ᠎ᠠ ᠪᠤᠯᠵᠠᠢ ᠃ ᠪᠣᠯᠪᠠᠰᠤᠷᠠᠯ ᠢᠶᠠᠷ ᠳᠡᠮᠵᠢᠨ᠂ ᠪᠣᠯᠪᠠᠰᠤᠷᠠᠯ ᠳᠤ ᠤᠷᠤᠯᠴᠠᠭᠰᠠᠨ ᠰᠤᠷᠤᠭᠴᠢᠳ ᠤᠨ ᠣᠨᠣᠯ ᠤᠨ ᠰᠠᠭᠤᠷᠢ ᠶᠢ ᠤᠯᠠᠮ ᠨᠢᠭᠡ ᠠᠯᠬᠤᠮ ᠪᠠᠲᠤᠳᠬᠠᠵᠤ᠂ ᠦᠢᠯᠡᠳᠦᠯᠭᠡ ᠶᠢᠨ ᠤᠷ᠎ᠠ ᠴᠢᠳᠠᠪᠤᠷᠢ ᠶᠢ ᠳᠡᠭᠡᠭᠰᠢᠯᠡᠭᠦᠯᠦᠨ᠂ ᠬᠠᠤᠯᠢ ᠬᠡᠷᠡᠭᠵᠢᠭᠦᠯᠬᠦ ᠦᠶᠯᠡ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠬᠤ᠂ ᠬᠠᠤᠯᠢ ᠬᠡᠷᠡᠭᠵᠢᠭᠦᠯᠬᠦ ᠬᠢᠷᠢ ᠲᠦᠪᠰᠢᠨ ᠢ ᠳᠡᠭᠡᠭᠰᠢᠯᠡᠭᠦᠯᠬᠦ᠂ ᠦᠢᠯᠡᠴᠢᠯᠡᠭᠡᠨ ᠤ ᠦᠵᠡᠯ ᠤᠬᠠᠮᠰᠠᠷ ᠢ ᠴᠢᠩᠭᠠᠷᠠᠭᠤᠯᠬᠤ᠂ ᠲᠥᠪ ᠭᠤᠥᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠠᠬᠢᠭᠤᠯᠬᠤ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠡᠩᠨᠡᠭᠡ ᠶᠢᠨ ᠵᠢᠷᠤᠮᠵᠢᠭᠰᠠᠨ ᠪᠠᠶᠢᠭᠤᠯᠤᠯᠲᠠ ᠶᠢ ᠴᠢᠩᠭᠠᠳᠬᠠᠬᠤ ᠳᠤ ᠰᠠᠭᠤᠷᠢ ᠲᠠᠯᠪᠢᠵᠤ ᠥᠭᠪᠡ᠃  
ᠢᠷᠡᠯᠲᠡ᠄ ᠲᠢᠩᠬᠢᠮ ᠤᠨ ᠬᠤᠲᠠ ᠶᠢᠨ ᠬᠠᠤᠯᠢ ᠬᠡᠷᠡᠭᠵᠢᠭᠦᠯᠵᠦ ᠬᠢᠨᠠᠯᠲᠠ ᠲᠠᠯᠪᠢᠬᠤ ᠲᠣᠪᠴᠢᠶ᠎ᠠ
Baidu
map