ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠪᠥᠬᠦ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠤᠨ ᠸᠢᠳᠢᠤ᠋ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/30
    9 ᠳ᠋ᠤᠭᠡᠷ ᠰᠠᠷ᠎ᠠ ᠶᠢᠨ 29 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠪᠥᠬᠦ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠤᠨ ᠸᠢᠳᠢᠤ᠋ ᠬᠤᠷᠠᠯ ᠬᠤᠷᠠᠯᠳᠤᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠠᠶᠤᠯᠭᠦᠢ ᠦᠢᠯᠡᠳᠪᠦᠷᠢᠯᠡᠯ ᠪᠠ ᠨᠠᠮᠤᠷ ᠡᠪᠦᠯ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠸᠢᠳᠢᠤ᠋ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠣᠶᠢᠷ᠎ᠠ ᠶᠢᠨ ᠬᠤᠭᠤᠴᠠᠭᠠᠨ ᠤ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠬᠦᠷᠢᠶᠡᠨ ᠳᠠᠬᠢ ᠠᠶᠦᠯᠭᠦᠢ ᠦᠢᠯᠡᠳᠪᠦᠷᠢᠯᠡᠯ ᠤᠨ ᠠᠵᠢᠯ ᠳᠤ ᠲᠤᠬᠢᠷᠠᠭᠤᠯᠤᠯᠳᠠ ᠪᠠᠶᠢᠷᠢᠯᠠᠭᠤᠯᠤᠯᠳᠠ ᠬᠢᠵᠡᠢ᠂ ᠦᠪᠡᠷᠳᠡᠭᠡᠨ ᠵᠠᠰᠠᠬᠤ ᠤᠷᠤᠨ ᠤ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠯᠢᠦ ᠵᠢᠶᠠᠨ ᠬᠤᠸᠠ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃
W020240930337046052110.png
    ᠬᠤᠷᠠᠯ ᠠᠴᠠ᠂ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠣᠷᠣᠰᠢᠵᠤ ᠪᠠᠶᠢᠭ᠎ᠠ ᠠᠰᠠᠭᠤᠳᠠᠯ᠂ ᠲᠤᠳᠠᠭᠳᠠᠯ ᠪᠠ ᠠᠶᠤᠯ ᠲᠦᠭᠰᠢᠭᠦᠷᠢ ᠶᠢ ᠰᠡᠷᠭᠡᠭ ᠢᠶᠠᠷ ᠲᠠᠨᠢᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠬᠦᠴᠦᠲᠡᠢ ᠠᠷᠭ᠎ᠠ ᠬᠡᠮᠵᠢᠶ᠎ᠡ ᠪᠠᠷ ᠠᠶᠤᠯᠭᠦᠢ ᠦᠢᠯᠡᠳᠪᠦᠷᠢᠯᠡᠯ ᠤᠨ ᠠᠵᠢᠯ ᠢ ᠴᠢᠩᠭ᠎ᠠ ᠬᠦᠴᠦᠲᠡᠢ ᠪᠣᠳᠠᠲᠠᠢ ᠰᠠᠶᠢᠲᠤᠷ ᠠᠳᠬᠤᠵᠤ᠂ ᠬᠠᠮᠤᠭ ᠤᠨ ᠰᠠᠨᠠᠭ᠎ᠠ ᠠᠮᠤᠷ ᠦᠭᠡᠢ ᠣᠷᠣᠨ ᠪᠦᠰᠡ᠂ ᠬᠠᠮᠤᠭ ᠤᠨ ᠪᠠᠭᠤᠷᠠᠢ ᠭᠤᠭᠴᠤᠭ᠎ᠠ᠂ ᠬᠠᠮᠤᠭ ᠤᠨ ᠲᠣᠪᠣᠶᠢᠮ᠎ᠠ ᠠᠰᠠᠭᠤᠳᠠᠯ ᠢ ᠡᠷᠢᠨ ᠭᠠᠷᠭᠠᠵᠤ᠂ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠨ ᠴᠡᠭᠴᠡᠯᠡᠨ ᠵᠠᠰᠠᠬᠤ ᠠᠵᠢᠯ ᠢ ᠬᠠᠨᠳᠤᠯᠭᠠᠲᠤ ᠴᠢᠨᠠᠷᠲᠠᠢ ᠪᠠᠷ ᠥᠷᠨᠢᠭᠦᠯᠵᠦ᠂ ᠤᠨᠢᠨ ᠳᠡᠭᠡᠷ᠎ᠡ ᠨᠢ ᠰᠤᠳᠤᠯᠤᠨ ᠮᠠᠭᠠᠳᠯᠠᠵᠤ᠂ ᠲᠣᠭᠲᠠᠴᠠ ᠶᠢ ᠲᠡᠭᠦᠯᠳᠡᠷᠵᠢᠭᠦᠯᠵᠦ᠂ ᠨᠢᠭᠡᠳᠦᠭᠡᠷ ᠹᠷᠣᠨᠲ ᠲᠤ ᠭᠦᠨᠵᠡᠭᠡᠶᠢᠷᠡᠨ᠂ ᠣᠳᠣᠬᠠᠨ ᠤ ᠠᠮᠤᠷ ᠲᠦᠪᠰᠢᠨ ᠤ ᠪᠠᠶᠢᠳᠠᠯ ᠢ ᠲᠣᠭᠲᠠᠭᠤᠨ ᠢᠶᠠᠷ ᠡᠵᠡᠮᠳᠡᠵᠦ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠵᠤ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ ᠳᠤ ᠠᠮᠤᠷ ᠲᠦᠪᠰᠢᠨ ᠲᠣᠭᠲᠠᠭᠤᠨ ᠣᠷᠴᠢᠨ ᠲᠣᠭᠤᠷᠢᠨ ᠢ ᠡᠭᠦᠳᠴᠦ ᠦᠭᠬᠦ ᠬᠡᠷᠡᠭᠳᠡᠢ ᠭᠡᠵᠤ ᠴᠢᠬᠤᠯᠠᠴᠢᠯᠠᠪᠠ᠃
W020240930337046381380.png
    ᠬᠤᠷᠠᠯ ᠠᠴᠠ᠂ ᠬᠤᠲᠠ ᠪᠠᠯᠭᠠᠰᠤᠨ ᠤ ᠰᠢᠲᠠᠮᠠᠬᠠᠢ ᠬᠡᠢ ᠶᠢᠨ ᠠᠮᠤᠷ ᠲᠦᠪᠰᠢᠨ ᠤ ︽ᠡᠷᠬᠢᠨ ᠬᠠᠷᠠᠬᠤ︾ ᠬᠤᠶᠠᠳᠤᠭᠠᠷ ᠡᠭᠡᠯᠵᠢ ᠶᠢᠨ ᠰᠣᠯᠪᠢᠴᠠᠯ ᠪᠠᠶᠢᠴᠠᠭᠠᠯᠲᠠ ᠶᠢ ᠦᠷᠭᠦᠯᠵᠢᠯᠡᠨ ᠠᠬᠢᠭᠤᠯᠵᠤ᠂ ᠰᠢᠲᠠᠮᠠᠬᠠᠢ ᠬᠡᠢ ᠶᠢᠨ ᠬᠤᠭᠤᠯᠠᠢ ᠲᠤᠤᠷ ᠤᠨ ︽ᠡᠪᠡᠳᠴᠢᠨ ᠲᠠᠢ ᠪᠠᠷ ᠠᠵᠢᠯᠯᠠᠬᠤ︾ ᠠᠰᠠᠭᠤᠳᠠᠯ ᠢ ᠴᠡᠭᠴᠡᠯᠡᠨ ᠵᠠᠰᠠᠬᠤ ᠶᠢ ᠡᠮᠬᠢ ᠵᠢᠷᠤᠮ ᠲᠠᠢ ᠠᠬᠢᠭᠤᠯᠵᠤ᠂ ᠭᠤᠷᠪᠠᠳᠠᠭᠢ ᠡᠲᠡᠭᠡᠳ ᠤᠨ ᠪᠠᠷᠢᠯᠭ᠎ᠠ ᠪᠠᠷᠢᠬᠤ ᠳᠤ ᠰᠢᠲᠠᠮᠠᠬᠠᠢ ᠬᠡᠢ ᠶᠢᠨ ᠬᠤᠭᠤᠯᠠᠢ ᠶᠢ ᠡᠪᠳᠡᠬᠦ ᠦᠶᠯᠡ ᠠᠵᠢᠯᠯᠠᠭ᠎ᠠ ᠶᠢ ᠭᠤᠣᠯᠳᠠᠯᠭ᠎ᠠ ᠲᠠᠢ ᠴᠡᠭᠴᠡᠯᠡᠨ ᠵᠠᠰᠠᠵᠤ᠂ ᠬᠡᠷᠡᠭᠯᠡᠭᠴᠢᠳ ᠤᠨ ᠰᠢᠲᠠᠮᠠᠬᠠᠢ ᠬᠡᠢ ᠶᠢᠨ ᠲᠥᠬᠦᠭᠡᠷᠦᠮᠵᠢ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠥᠨᠳᠥᠷ ᠲᠡᠭᠡᠷ᠎ᠡ ᠠᠴᠠ ᠤᠨᠠᠬᠤ᠂ ᠭᠠᠯ ᠬᠡᠷᠡᠭᠯᠡᠬᠦ ᠠᠵᠢᠯᠯᠠᠭ᠎ᠠ ᠪᠠ ᠡᠷᠭᠦᠭᠦᠯ ᠮᠠᠰᠢᠨ ᠵᠢᠴᠢ ᠬᠢᠵᠠᠭᠠᠷ ᠲᠠᠢ ᠣᠷᠣᠨ ᠵᠠᠢ ᠳᠤ ᠠᠵᠢᠯᠯᠠᠬᠤ ᠵᠡᠷᠭᠡ ᠠᠳᠡᠯ ᠤᠨ ᠣᠨᠴᠠᠯᠢᠭ ᠤᠨ ᠲᠤᠭᠤᠷᠢᠨ ᠳᠤ᠂ ᠭᠡᠷ ᠪᠠᠶᠢᠰᠢᠩ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠠᠮᠤᠷ ᠲᠦᠪᠰᠢᠨ ᠤ ᠪᠠᠶᠢᠴᠠᠭᠠᠯᠲᠠ ᠶᠢ ᠴᠢᠭᠯᠡᠯᠳᠦ ᠴᠢᠨᠠᠷᠲᠠᠢ ᠪᠠᠷ ᠥᠷᠨᠢᠭᠦᠯᠵᠦ᠂ ᠲᠥᠷᠥᠯ ᠵᠦᠢᠯ ᠤᠨ ᠬᠠᠷᠢᠭᠤᠴᠠᠯᠭᠠᠲᠠᠨ᠂ ᠲᠥᠷᠥᠯ ᠵᠦᠢᠯ ᠤᠨ ᠶᠡᠷᠦᠩᠬᠡᠢ ᠬᠢᠨᠠᠭᠴᠢ᠂ ᠮᠡᠷᠭᠡᠵᠢᠯ ᠤᠨ ᠬᠠᠷᠢᠭᠤᠴᠠᠯᠭᠠᠲᠠᠨ ᠪᠠ ᠲᠤᠰᠬᠠᠢ ᠲᠤᠰᠢᠶᠠᠯᠲᠤ ᠠᠮᠤᠷ ᠲᠦᠪᠰᠢᠨ ᠤ ᠬᠠᠮᠢᠶᠠᠷᠤᠭᠴᠢ ᠵᠡᠷᠭᠡ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠠᠵᠢᠯᠲᠠᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠰᠢᠮᠳᠠᠭᠤᠯᠵᠤ᠂ ︽ᠠᠮᠤᠷ ᠲᠦᠪᠰᠢᠨ ᠤ ᠡᠳᠦᠷ ᠤᠨ ᠲᠡᠮᠳᠡᠭᠯᠡᠯ︾ ᠤᠨ ᠳᠦᠷᠢᠮ ᠢ ᠨᠠᠶᠢᠳᠠᠪᠤᠷᠢᠵᠢᠭᠤᠯᠤᠨ᠂ ᠪᠠᠷᠢᠯᠭ᠎ᠠ ᠶᠢᠨ ᠠᠮᠤᠷ ᠲᠦᠪᠰᠢᠨ ᠢᠶᠠᠷ ᠠᠵᠢᠯᠯᠠᠬᠤ ᠶᠢ ᠦᠨᠡᠨᠬᠦ ᠪᠠᠲᠤᠯᠠᠨ᠎ᠠ᠃ ᠠᠶᠤᠯᠭᠦᠢ ᠦᠢᠯᠡᠳᠪᠦᠷᠢᠯᠡᠯ ᠤᠨ ᠬᠢᠷᠢ ᠬᠡᠮ ᠤᠨ ᠦᠨᠡᠮᠯᠡᠯ ᠤᠨ ᠬᠠᠭᠤᠷᠮᠠᠭ ᠲᠤ ᠬᠤᠯᠪᠣᠭᠳᠠᠬᠤ ᠵᠠᠰᠠᠯᠲᠠ ᠶᠢ ᠴᠢᠩᠭᠠᠳᠬᠠᠵᠤ᠂ ᠦᠨᠡᠮᠯᠡᠯ ᠦᠭᠡᠢ ᠪᠠᠷ᠂ ᠬᠠᠭᠤᠷᠮᠠᠭ ᠦᠨᠡᠮᠯᠡᠯ ᠢᠶᠠᠷ ᠠᠵᠢᠯ ᠤᠨ ᠪᠠᠶᠢᠷᠢ ᠳᠤ ᠭᠠᠷᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠢ᠃ ᠡᠵᠡᠩᠨᠡᠯᠲᠡ ᠶᠢᠨ ᠴᠢᠨᠠᠷᠲᠠᠢ ᠥᠪᠡᠰᠦᠪᠡᠨ ᠪᠠᠷᠢᠭᠰᠠᠨ ᠭᠡᠷ ᠪᠠᠶᠢᠰᠢᠩ ᠤᠨ ᠢᠨᠵᠧᠨᠧᠷᠢᠩ ᠢ ᠴᠡᠭᠴᠡᠯᠡᠨ ᠵᠠᠰᠠᠬᠤ ᠠᠵᠢᠯ ᠤᠨ ᠶᠠᠰᠤ ᠴᠢᠨᠠᠷ ᠲᠤ ᠠᠩᠬᠠᠷᠤᠯ ᠢᠶᠠᠨ ᠲᠥᠪᠯᠡᠷᠡᠭᠦᠯᠵᠦ᠂ ︽ᠡᠷᠬᠢᠨ ᠬᠠᠷᠠᠬᠤ︾ ᠠᠵᠢᠯ ᠢ ᠬᠢᠨᠠᠮᠠᠭᠠᠢ ᠥᠷᠨᠢᠭᠦᠯᠵᠦ᠂ ᠠᠯᠳᠠᠭᠳᠠᠯ ᠢ ᠪᠠᠶᠢᠴᠠᠭᠠᠵᠤ ᠲᠤᠳᠠᠭᠳᠠᠯ ᠢ ᠨᠥᠬᠦᠪᠦᠷᠢᠯᠡᠵᠦ᠂ ᠬᠢᠨᠠᠨ ᠬᠠᠷᠭᠤᠭᠤᠯᠵᠤ ᠳ᠋ᠤᠭᠠᠷ ᠬᠠᠰᠤᠬᠤ ᠬᠠᠮᠢᠶᠠᠷᠤᠯᠲᠠ ᠶᠢ ᠴᠢᠩᠳᠡᠯᠡᠨ᠎ᠡ᠂ ᠡᠵᠡᠩᠨᠡᠯᠲᠡ ᠶᠢᠨ ᠪᠤᠰᠤ ᠥᠪᠡᠰᠦᠪᠡᠨ ᠪᠠᠷᠢᠭᠰᠠᠨ ᠭᠡᠷ ᠪᠠᠶᠢᠰᠢᠩ ᠤᠨ ᠴᠡᠭᠴᠡᠯᠡᠨ ᠵᠠᠰᠠᠬᠤ ᠶᠢ ᠦᠷᠭᠦᠯᠵᠢᠯᠡᠨ ᠠᠬᠢᠭᠤᠯᠵᠤ᠂ ᠭᠡᠷ ᠪᠠᠶᠢᠰᠢᠩ ᠤᠨ ᠥᠮᠴᠢᠯᠡᠯ ᠤᠨ ᠡᠷᠬᠡᠲᠦ ᠬᠥᠮᠥᠨ ᠪᠠ ᠬᠡᠷᠡᠭᠯᠡᠭᠴᠢ ᠶᠢ ᠰᠢᠮᠳᠠᠭᠤᠯᠵᠤ ᠪᠠᠶᠢᠭᠠᠳ ᠰᠠᠨᠠᠭᠠᠴᠢᠯᠠᠭ᠎ᠠ ᠠᠴᠠ ᠪᠠᠨ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠠᠪᠤᠭᠤᠯᠬᠤ ᠬᠡᠷᠡᠭᠲᠡᠢ᠃ ᠬᠤᠲᠠ ᠶᠢᠨ ᠬᠤᠲᠣᠭᠤᠷ ᠭᠠᠵᠠᠷ᠂ ᠭᠤᠣᠯ ᠳᠠᠭᠠᠭᠰᠠᠨ ᠬᠡᠰᠡᠭ ᠪᠠ ᠬᠠᠭᠤᠴᠢᠷᠠᠭᠰᠠᠨ ᠭᠡᠷ ᠪᠠᠶᠢᠰᠢᠩ ᠵᠢᠴᠢ ᠬᠡᠲᠦ ᠥᠨᠳᠥᠷ ᠳᠠᠪᠬᠤᠷᠭ᠎ᠠ᠂ ᠶᠡᠭᠡ ᠠᠯᠭᠠᠰᠠᠯ᠂ ᠰᠢᠯ ᠬᠡᠷᠡᠮ ᠵᠡᠷᠭᠡ ᠭᠡᠷ ᠪᠠᠶᠢᠰᠢᠩ ᠤᠨ ᠪᠠᠷᠢᠯᠭ᠎ᠠ ᠶᠢᠨ ᠬᠡᠷᠡᠭᠯᠡᠯᠲᠡ ᠶᠢᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠡᠵᠡᠩᠨᠡᠯᠲᠡ ᠶᠢᠨ ᠴᠢᠨᠠᠷᠲᠠᠢ ᠲᠠᠯᠠᠪᠤᠷ ᠭᠠᠵᠠᠷ ᠤᠨ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠬᠤ ᠬᠡᠷᠡᠭᠲᠡᠢ᠃ ᠲᠤᠯᠠᠭᠠᠯᠭ᠎ᠠ ᠶᠢᠨ ᠢᠨᠵᠧᠨᠧᠷᠢᠩ ᠤᠨ ᠲᠥᠷᠥᠯ ᠵᠦᠢᠯ ᠤᠨ ᠰᠡᠭᠦᠯ ᠬᠤᠷᠢᠶᠠᠬᠤ ᠪᠠ ᠢᠯᠴᠢ ᠬᠠᠩᠭᠠᠬᠤ ᠪᠡᠯᠡᠳᠬᠡᠯ ᠠᠵᠢᠯ ᠢ ᠰᠠᠶᠢᠲᠤᠷ ᠬᠢᠵᠦ᠂ ᠬᠤᠲᠠ ᠶᠢᠨ ᠤᠰᠤ ᠬᠠᠩᠭᠠᠬᠤ ᠭᠠᠳᠠᠭᠰᠢᠯᠠᠭᠤᠯᠬᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ᠂ ᠠᠮᠢᠳᠤᠷᠠᠯ ᠤᠨ ᠬᠤᠭ ᠨᠣᠪᠰᠢ ᠶᠢᠨ ᠲᠠᠯᠠᠪᠤᠷ ᠭᠠᠵᠠᠷ ᠪᠠ ᠰᠢᠢᠳᠪᠦᠷᠢᠯᠡᠬᠦ ᠪᠡᠯᠡᠳᠬᠡᠮᠵᠢ ᠶᠢᠨ ᠭᠠᠯ ᠰᠡᠷᠭᠡᠶᠢᠯᠡᠬᠦ᠂ ᠳᠡᠯᠪᠡᠷᠡᠬᠦ ᠶᠢ ᠰᠡᠷᠭᠡᠶᠢᠯᠡᠬᠦ ᠵᠢᠴᠢ ᠪᠤᠯᠠᠬᠤ ᠲᠠᠯᠠᠪᠤᠷ ᠤᠨ ᠨᠤᠷᠠᠬᠤ ᠶᠢ ᠰᠡᠷᠭᠡᠶᠢᠯᠡᠬᠦ ᠠᠮᠤᠷ ᠲᠦᠪᠰᠢᠨ ᠤ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠬᠥᠮᠥᠨ ᠬᠠᠷ᠎ᠠ ᠨᠢᠭᠲᠠᠷᠠᠭᠰᠠᠨ᠂ ᠠᠰᠠᠭᠤᠳᠠᠯ ᠣᠯᠠᠨ ᠭᠠᠷᠳᠠᠭ ᠭᠤᠣᠯᠳᠠᠯᠭ᠎ᠠ ᠲᠠᠢ ᠲᠠᠯᠠᠪᠤᠷ ᠭᠠᠵᠠᠷ ᠤᠨ ᠪᠠᠶᠢᠴᠠᠭᠠᠯᠲᠠ ᠶᠢᠨ ᠤᠳᠠᠭ᠎ᠠ ᠶᠢ ᠨᠡᠮᠡᠭᠳᠡᠭᠦᠯᠵᠦ᠂ ᠪᠠᠷᠢᠯᠭ᠎ᠠ ᠶᠢᠨ ᠡᠳ᠋ ᠮᠠᠲ᠋ᠧᠷᠢᠶᠠᠯ ᠤᠨ ᠨᠤᠷᠠᠵᠤ ᠶᠡᠭᠦᠷᠡᠬᠦ ᠠᠳᠡᠯ ᠭᠠᠷᠬᠤ ᠶᠢ ᠰᠡᠷᠭᠡᠶᠢᠯᠡᠬᠦ ᠬᠡᠷᠡᠭᠲᠡᠢ᠃ ᠨᠢᠭᠡᠨᠲᠡ ᠪᠠᠶᠢᠭ᠎ᠠ ᠥᠨᠳᠥᠷ ᠳᠠᠪᠬᠤᠷᠭ᠎ᠠ ᠶᠢᠨ ᠣᠯᠠᠨ ᠨᠡᠶᠢᠲᠡ ᠶᠢᠨ ᠪᠠᠷᠢᠯᠭ᠎ᠠ ᠶᠢᠨ ᠭᠠᠳᠠᠷ ᠬᠡᠷᠡᠮ ᠤᠨ ᠳᠤᠯᠠᠭᠠᠨ ᠢ ᠬᠠᠮᠠᠭᠠᠯᠠᠬᠤ ᠮᠠᠲ᠋ᠧᠷᠢᠶᠠᠯ ᠳᠤ ᠨᠣᠴᠣᠮᠠᠲᠠᠭᠠᠢ ᠰᠢᠲᠠᠮᠠᠬᠠᠢ ᠮᠠᠲ᠋ᠧᠷᠢᠶᠠᠯ ᠢ ᠬᠡᠷᠡᠭᠯᠡᠭᠰᠡᠨ ᠪᠠᠶᠢᠳᠠᠯ ᠳᠤ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠨᠣᠴᠣᠮᠠᠲᠠᠭᠠᠢ ᠰᠢᠲᠠᠮᠠᠬᠠᠢ ᠮᠠᠲ᠋ᠧᠷᠢᠶᠠᠯ ᠢᠶᠠᠷ ᠬᠠᠪᠴᠢᠮᠠᠯ ᠪᠤᠶᠤ ᠨᠡᠶᠢᠯᠡᠮᠡᠯ ᠳᠤᠯᠠᠭᠠᠨ ᠢ ᠬᠠᠮᠠᠭᠠᠯᠠᠬᠤ ᠳᠠᠪᠬᠤᠷᠭ᠎ᠠ ᠶᠢᠨ ᠥᠩᠭᠡᠲᠦ ᠪᠣᠯᠣᠳ ᠬᠠᠪᠲᠠᠰᠤᠨ ᠭᠡᠷ ᠵᠡᠷᠭᠡ ᠶᠢᠨ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠵᠤ᠂ ᠭᠠᠯ ᠤᠨ ᠭᠠᠮᠰᠢᠭ ᠤᠨ ᠠᠳᠡᠯ ᠢ ᠡᠷᠡᠰ ᠬᠤᠷᠢᠭᠯᠠᠬᠤ ᠬᠡᠷᠡᠭᠲᠡᠢ᠃ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢ ᠲᠣᠭᠲᠠᠭᠠᠯ ᠠᠴᠠ ᠵᠥᠷᠢᠴᠡᠨ ᠴᠠᠬᠢᠯᠭᠠᠨ ᠴᠡᠨᠡᠭᠯᠡᠬᠦ ᠶᠢ ᠵᠣᠭᠰᠤᠭᠠᠬᠤ᠂ ᠢᠯᠠᠩᠭᠤᠶ᠎ᠠ ᠡᠷᠦᠬᠡ ᠳᠤ ᠣᠷᠣᠭᠤᠯᠬᠤ᠂ ᠴᠠᠬᠢᠯᠭᠠᠨ ᠴᠡᠨᠡᠭᠯᠡᠬᠦ ᠤᠳᠠᠰᠤ ᠶᠢ ᠳᠤᠷ᠎ᠠ ᠪᠠᠷ ᠢᠶᠠᠨ ᠲᠠᠲᠠᠵᠤ ᠳᠤᠷ᠎ᠠ ᠪᠠᠷ ᠢᠶᠠᠨ ᠵᠠᠯᠭᠠᠬᠤ ᠵᠡᠷᠭᠡ ᠠᠰᠠᠭᠤᠳᠠᠯ ᠢ ᠴᠢᠩᠭ᠎ᠠ ᠬᠠᠮᠢᠶᠠᠷᠬᠤ ᠬᠡᠷᠡᠭᠲᠡᠢ᠃ ᠪᠠᠷᠢᠯᠭ᠎ᠠ ᠶᠢᠨ ᠲᠤᠬᠠᠢ ᠶᠢᠨ ᠲᠠᠯᠠᠪᠠᠶ ᠳᠤ ᠭᠠᠯ ᠬᠡᠷᠡᠭᠯᠡᠬᠦ ᠠᠵᠢᠯᠯᠠᠬᠤ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠷᠠᠭᠤᠯᠵᠤ᠂ ᠵᠠᠰᠠᠵᠤ ᠴᠢᠮᠡᠭᠯᠡᠬᠦ ᠳᠤ ᠨᠣᠴᠣᠮᠠᠲᠠᠭᠠᠢ ᠮᠠᠲ᠋ᠧᠷᠢᠶᠠᠯ ᠢ ᠬᠠᠳᠠᠭᠠᠯᠠᠬᠤ᠂ ᠬᠡᠷᠡᠭᠯᠡᠬᠦ ᠵᠡᠷᠭᠡ ᠡᠯ᠎ᠡ ᠭᠤᠭᠴᠤᠭ᠎ᠠ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠳᠤ ᠦᠯᠡᠳᠡᠭᠳᠡᠵᠦ ᠪᠠᠶᠢᠭ᠎ᠠ ᠲᠥᠷᠥᠯ ᠵᠦᠢᠯ ᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠴᠡᠭᠴᠡᠯᠡᠨ ᠵᠠᠰᠠᠬᠤ ᠠᠵᠢᠯ ᠤᠨ ᠬᠦᠴᠢᠷᠳᠡᠯ ᠪᠠ ᠲᠦᠭᠵᠢᠷᠡᠯ ᠢ ᠵᠠᠳᠠᠯᠵᠤ᠂ ᠠᠵᠢᠯ ᠲᠥᠷᠥᠯ ᠤᠨ ᠲᠤᠷᠰᠢᠯᠭ᠎ᠠ ᠪᠠ ᠠᠷᠭ᠎ᠠ ᠬᠢᠳᠡᠯ ᠢ ᠳ᠋ᠦᠩᠨᠡᠨ ᠳᠡᠯᠭᠡᠷᠡᠭᠦᠯᠬᠦ ᠬᠡᠷᠡᠭᠲᠡᠢ ᠭᠡᠵᠤ ᠱᠠᠭᠠᠷᠳᠠᠪᠠ᠃     ᠬᠤᠷᠠᠯ ᠠᠴᠠ᠂ ᠰᠢᠷᠦᠭᠦᠨ ᠪᠣᠷᠣᠭᠠᠨ᠂ ᠶᠡᠭᠡ ᠴᠠᠰᠤ ᠵᠡᠷᠭᠡ ᠣᠨᠴᠠᠭᠠᠢ ᠴᠠᠭ ᠠᠭᠤᠷ ᠤᠨ ᠭᠠᠮᠰᠢᠭ ᠢ ᠨᠢᠭᠲᠠ ᠠᠩᠬᠠᠷᠴᠤ᠂ ᠪᠠᠴᠢᠮ ᠪᠠᠶᠢᠳᠠᠯ ᠢ ᠠᠷᠭᠠᠴᠠᠬᠤ᠂ ᠴᠠᠭ ᠠᠭᠤᠷ᠂ ᠵᠠᠮ ᠬᠠᠷᠢᠯᠴᠠᠭ᠎ᠠ᠂ ᠤᠰᠤᠨ ᠠᠰᠢᠭᠯᠠᠯᠲᠠ ᠵᠡᠷᠭᠡ ᠰᠠᠯᠠᠭ᠎ᠠ ᠮᠥᠴᠢᠷ ᠯᠦᠭᠡ ᠶᠢᠨ ᠵᠣᠬᠢᠴᠠᠭᠤᠯᠭ᠎ᠠ ᠬᠤᠯᠪᠤᠭᠠᠯᠠᠨ ᠬᠥᠳᠡᠯᠦᠯᠴᠡᠬᠦ ᠪᠠ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠶᠢ ᠴᠢᠩᠭᠠᠳᠬᠠᠵᠤ᠂ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠠᠭᠠᠳᠯᠠᠬᠤ᠂ ᠲᠦᠯᠡᠰᠢ ᠶᠢ ᠪᠠᠲᠤᠯᠠᠬᠤ᠂ ᠲᠥᠬᠦᠭᠡᠷᠦᠮᠵᠢ ᠶᠢ ᠪᠠᠶᠢᠴᠠᠭᠠᠨ ᠵᠠᠰᠠᠬᠤ᠂ ᠵᠢᠵᠢᠭᠦᠷᠯᠡᠨ ᠰᠠᠬᠢᠬᠤ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠢ᠃ ᠤᠳᠤᠷᠢᠳᠬᠤ ᠺᠠᠳ᠋ᠷ ᠠᠵᠢᠯ ᠤᠨ ᠪᠠᠶᠢᠷᠢ ᠳᠤ ᠵᠢᠵᠢᠭᠦᠷ ᠳᠠᠭᠠᠭᠤᠯᠬᠤ᠂ 24 ᠴᠠᠭ ᠢᠶᠠᠷ ᠵᠢᠵᠢᠭᠦᠷᠯᠡᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠡ᠊ᠨᠳᠡᠯ ᠤᠨ ᠮᠡᠳᠡᠭᠡ ᠵᠠᠩᠭᠢ ᠶᠢ ᠮᠡᠳᠡᠭᠦᠯᠬᠦ ᠳᠦᠷᠢᠮ ᠢ ᠨᠠᠶᠢᠳᠠᠪᠤᠷᠢᠵᠢᠭᠤᠯᠤᠨ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠳᠠ ᠶᠢᠨ ᠡᠯ᠎ᠡ ᠱᠠᠲᠤᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠠᠶᠦᠯᠭᠦᠢ ᠦᠢᠯᠡᠳᠪᠦᠷᠢᠯᠡᠯ ᠤᠨ ᠮᠡᠳᠡᠭᠡ ᠵᠠᠩᠬᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠬᠤᠯᠪᠣᠭᠳᠠᠯ ᠪᠦᠬᠦᠢ ᠮᠡᠳᠡᠭᠡ ᠵᠠᠩᠭᠢ ᠶᠢ ᠴᠠᠭ ᠲᠤᠬᠠᠢ ᠲᠤᠨᠢ ᠬᠢᠨᠠᠨ ᠬᠠᠷᠭᠤᠭᠤᠯᠬᠤ ᠪᠠ ᠳᠡᠭᠡᠭᠰᠢ ᠮᠡᠳᠡᠭᠦᠯᠵᠦ᠂ ᠡ᠊ᠨᠳᠡᠯ ᠢ ᠤᠳᠠᠭᠠᠰᠢᠷᠠᠭᠤᠯᠤᠨ ᠮᠡᠳᠡᠭᠦᠯᠬᠦ᠂ ᠮᠡᠳᠡᠭᠦᠯᠬᠦ ᠦᠭᠡᠢ ᠨᠢᠭᠤᠬᠤ᠂ ᠬᠤᠳᠠᠯ ᠢᠶᠠᠷ ᠮᠡᠳᠡᠭᠦᠯᠬᠦ᠂ ᠣᠷᠬᠢᠭᠳᠠᠭᠤᠯᠤᠨ ᠮᠡᠳᠡᠭᠦᠯᠬᠦ ᠥᠢᠯᠡ ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭᠲᠡᠢ ᠭᠡᠵᠤ ᠴᠢᠬᠤᠯᠠᠴᠢᠯᠠᠪᠠ᠃     ᠲᠢᠩᠬᠢᠮ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠬᠠᠮᠢᠶ᠎ᠠ ᠪᠦᠬᠦᠢ ᠪᠦᠷᠢᠯᠳᠦᠭᠦᠨ ᠨᠢᠭᠡᠴᠢ ᠶᠢᠨ ᠬᠠᠷᠢᠭᠤᠴᠠᠯᠭᠠᠲᠠᠨ ᠭᠤᠣᠯ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠤ᠂ ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃  
ᠢᠷᠡᠯᠲᠡ᠄ ᠲᠢᠩᠬᠢᠮ ᠤᠨ ᠪᠠᠷᠢᠯᠭ᠎ᠠ ᠶᠢᠨ ᠶᠠᠰᠤ ᠴᠢᠨᠠᠷ ᠠᠮᠤᠷ ᠲᠦᠪᠰᠢᠨ ᠤ ᠮᠡᠷᠭᠡᠵᠢᠯ ᠤᠨ ᠦᠢᠯᠡᠴᠢᠯᠡᠭᠡᠨ ᠤ ᠭᠠᠵᠠᠷ
Baidu
map