ᠦᠰᠦᠭ ᠪᠢᠴᠢᠭ ᠢᠶᠠᠷ ᠦᠭᠦᠯᠡᠬᠦᠢ᠄ ︽ᠮᠠᠯᠵᠢᠬᠤ ᠲᠠᠷᠢᠶᠠᠯᠠᠬᠤ ᠣᠷᠣᠨ ᠤ ᠬᠡᠷ ᠪᠠᠶᠢᠰᠢᠩ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠬᠡᠷᠡᠭᠵᠢᠭᠦᠯᠬᠦ ᠰᠠᠨᠠᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/9/4
    ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠵᠡᠷᠭᠡ 5 ᠰᠠᠯᠠᠭ᠎ᠠ ᠮᠥᠴᠢᠷ ᠬᠠᠮᠲᠤᠷᠠᠨ ︽ᠮᠠᠯᠵᠢᠬᠤ ᠲᠠᠷᠢᠶᠠᠯᠠᠬᠤ ᠣᠷᠣᠨ ᠤ ᠬᠡᠷ ᠪᠠᠶᠢᠰᠢᠩ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠬᠡᠷᠡᠭᠵᠢᠭᠦᠯᠬᠦ ᠰᠠᠨᠠᠯ︾ ︵ᠳᠣᠷᠣᠭᠰᠢ ︽ᠬᠡᠷᠡᠭᠵᠢᠭᠦᠯᠬᠦ ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠡᠳᠦᠭᠡ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠳᠤ ᠳᠣᠤᠷᠠᠬᠢ ᠮᠡᠲᠦ ᠲᠠᠶᠢᠯᠤᠮᠵᠢ ᠬᠢᠶ᠎ᠡ     ᠨᠢᠭᠡ᠂ ︽ᠬᠡᠷᠡᠭᠵᠢᠭᠦᠯᠬᠦ ᠰᠠᠨᠠᠯ︾ ᠢ ᠲᠤᠭᠳᠠᠭᠠᠵᠤ ᠨᠡᠶᠢᠲᠡᠯᠡᠭᠰᠡᠨ ᠠᠬᠤᠢ ᠪᠠᠶᠢᠳᠠᠯ ᠨᠢ ᠶᠠᠭᠤ ᠪᠣᠢ︖    ᠡᠨᠡ ᠵᠢᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠵᠡᠷᠭᠡ 5 ᠰᠠᠯᠠᠭ᠎ᠠ ᠮᠥᠴᠢᠷ ︽ᠬᠥᠳᠡᠭᠡ ᠲᠣᠰᠬᠤᠨ ᠤ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠵᠢᠯᠣᠭᠤᠳᠬᠤ ᠰᠠᠨᠠᠯ︾ ︵ᠪᠠᠶᠢᠭᠤᠯᠤᠯᠲᠠ ᠲᠣᠰᠬᠤᠨ ᠲᠣᠭᠲᠠᠭᠠᠯ ﹇2024 ﹈ 4 ᠳ᠋ᠦ᠋ᠭᠡᠷ ᠲᠣᠭᠠᠲᠤ︶ ᠢ ᠳᠠᠷᠤᠮᠠᠯᠯᠠᠨ ᠲᠠᠷᠬᠠᠭᠠᠵᠠᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ ᠶᠢᠨ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠣᠰᠣᠭᠠᠷ᠂ ᠮᠠᠨ ᠤ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ᠬᠡᠷᠡᠭᠵᠢᠭᠦᠯᠬᠦ ᠰᠠᠨᠠᠯ︾ ᠢ ᠨᠠᠷᠢᠨ ᠨᠢᠮᠪᠠᠶ ᠪᠤᠳᠠᠳᠠᠶᠢᠵᠢᠭᠤᠯᠤᠨ ᠨᠠᠶᠢᠳᠠᠪᠦᠷᠢᠵᠢᠭᠤᠯᠵᠦ᠂ ᠮᠠᠨ ᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠭᠡᠷ ᠪᠠᠶᠢᠰᠢᠩ ᠤᠨ ᠶᠠᠰᠤ ᠴᠢᠨᠠᠷ ᠤᠨ ᠠᠮᠤᠷ ᠲᠦᠪᠰᠢᠨ ᠢ ᠦᠨᠡᠨᠬᠦ ᠪᠠᠲᠤᠯᠠᠵᠤ᠂ ᠮᠠᠯᠴᠢᠨ ᠲᠠᠷᠢᠶᠠᠴᠢᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ 5 ᠰᠠᠯᠠᠭ᠎ᠠ ᠮᠥᠴᠢᠷ ᠬᠠᠮᠲᠤᠷᠠᠨ ︽ᠮᠠᠯᠵᠢᠬᠤ ᠲᠠᠷᠢᠶᠠᠯᠠᠬᠤ ᠣᠷᠣᠨ ᠤ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠬᠡᠷᠡᠭᠵᠢᠭᠦᠯᠬᠦ ᠰᠠᠨᠠᠯ︾ ᠢ ᠳᠠᠷᠤᠮᠠᠯᠯᠠᠨ ᠲᠠᠷᠬᠠᠭᠠᠵᠠᠢ ᠂ ᠬᠥᠳᠡᠭᠡ ᠲᠣᠰᠬᠤᠨ ᠤ ᠭᠡᠷ ᠪᠠᠶᠢᠰᠢᠩ ᠤᠨ ᠭᠠᠵᠠᠷ ᠬᠡᠷᠡᠭᠯᠡᠬᠦ᠂ ᠲᠦᠯᠦᠪᠵᠢᠭᠦᠯᠦᠯᠭᠡ᠂ ᠪᠦᠲᠦᠭᠡᠨ ᠪᠠᠶᠢᠭᠤᠯᠤᠯᠳᠠ᠂ ᠬᠡᠷᠡᠭᠯᠡᠯᠳᠡ ᠶᠢᠨ ᠪᠦᠬᠦ ᠶᠠᠪᠤᠴᠠ ᠶᠢᠨ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠵᠦ᠂ ᠬᠥᠳᠡᠭᠡ ᠲᠣᠰᠬᠤᠨ ᠤ ᠭᠡᠷ ᠪᠠᠶᠢᠰᠢᠩ ᠤᠨ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠬᠤ ᠪᠠᠷ ᠵᠤᠷᠢᠯᠭ᠎ᠠ ᠪᠤᠯᠭᠠᠵᠠᠢ᠃    ᠬᠤᠶᠠᠷ᠂ ︽ᠬᠡᠷᠡᠭᠵᠢᠭᠦᠯᠬᠦ ᠰᠠᠨᠠᠯ︾ ᠤᠨ ᠠᠵᠢᠯ ᠤᠨ ᠬᠠᠷᠠᠯᠲᠠ ᠨᠢ ᠶᠠᠭᠤ ᠪᠣᠢ︖    ︽ᠵᠢᠯᠣᠭᠤᠳᠬᠤ ᠰᠠᠨᠠᠯ︾ ᠳᠤ᠂ 2025 ᠤᠨ ᠪᠤᠯᠳᠠᠯ᠎ᠠ᠂ ᠮᠠᠯᠵᠢᠬᠤ ᠲᠠᠷᠢᠶᠠᠯᠠᠬᠤ ᠣᠷᠣᠨ ᠤ ᠣᠨᠴᠠᠯᠢᠭ ᠲᠤ ᠵᠣᠬᠢᠴᠠᠭᠰᠠᠨ ᠬᠥᠳᠡᠭᠡ ᠲᠣᠰᠬᠤᠨ ᠤ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ ᠦᠨᠳᠦᠰᠦᠨ ᠳᠤ ᠪᠠᠨ ᠪᠠᠶᠢᠭᠤᠯᠵᠤ᠂ ᠬᠥᠳᠡᠭᠡ ᠲᠣᠰᠬᠤᠨ ᠤ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ᠂ ᠲᠥᠯᠥᠪᠵᠢᠭᠦᠯᠭᠡ᠂ ᠪᠦᠲᠦᠭᠡᠨ ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠪᠠ ᠬᠢᠨᠠᠨ ᠬᠠᠮᠢᠶᠠᠷᠤᠯᠳᠠ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ ᠭᠡᠷ ᠪᠠᠶᠢᠰᠢᠩ ᠤᠨ ᠶᠠᠰᠤ ᠴᠢᠨᠠᠷ ᠤᠨ ᠠᠮᠤᠷ ᠲᠦᠪᠰᠢᠨ ᠤ ᠪᠥᠬᠦ ᠶᠠᠪᠤᠴᠠ ᠶᠢᠨ ᠪᠢᠲᠡᠭᠦᠦ ᠴᠠᠭᠠᠷᠢᠭ ᠤᠨ ᠬᠢᠨᠠᠯᠲᠠ ᠬᠠᠮᠢᠶᠠᠷᠤᠯᠲᠠ ᠶᠢ ᠪᠡᠶᠡᠯᠡᠭᠦᠯᠵᠦ᠂ ᠬᠥᠳᠡᠭᠡ ᠲᠣᠰᠬᠤᠨ ᠤ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠵᠢᠷᠤᠮᠵᠢᠭᠤᠨ ᠪᠥᠭᠡᠳ ᠡᠮᠬᠢ ᠵᠢᠷᠤᠮ ᠲᠠᠢ ᠪᠣᠯᠭᠠᠵᠤ᠂ ᠬᠥᠳᠡᠭᠡ ᠲᠣᠰᠬᠤᠨ ᠤ ᠭᠡᠷ ᠪᠠᠶᠢᠰᠢᠩ ᠤᠨ ᠠᠮᠤᠷ ᠲᠦᠪᠰᠢᠨ ᠤ ᠲᠦᠭᠰᠢᠭᠦᠷᠢ ᠶᠢ ᠪᠦᠲᠦᠮᠵᠢᠲᠡᠶ ᠬᠠᠮᠢᠶᠠᠷᠤᠨ ᠡᠵᠡᠮᠳᠡᠵᠦ᠂ ᠬᠥᠳᠡᠭᠡ ᠲᠣᠰᠬᠤᠨ ᠤ ᠭᠡᠷ ᠪᠠᠶᠢᠰᠢᠩ ᠤᠨ ᠶᠠᠰᠤ ᠴᠢᠨᠠᠷ ᠤᠨ ᠠᠮᠤᠷ ᠲᠦᠪᠰᠢᠨ ᠪᠠ ᠴᠢᠨᠠᠷ ᠴᠢᠨᠰᠠᠭ᠎ᠠ ᠶᠢ ᠨᠡᠶᠢᠳᠡᠮ ᠳᠡᠭᠡᠭᠰᠢᠯᠡᠭᠦᠯᠦᠨ᠎ᠡ᠃ 2035 ᠤᠨ ᠪᠤᠯᠳᠠᠯ᠎ᠠ᠂ ᠬᠥᠳᠡᠭᠡ ᠲᠣᠰᠬᠤᠨ ᠤ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠳᠦᠷᠢᠮ ᠤᠨ ᠰᠢᠰᠲ᠋ᠧᠮ ᠪᠠ ᠮᠡᠷᠭᠡᠵᠢᠯ ᠤᠨ ᠪᠠᠷᠢᠮᠵᠢᠶ᠎ᠠ ᠶᠢᠨ ᠰᠢᠰᠲ᠋ᠧᠮ ᠢ ᠪᠦᠬᠦ ᠲᠠᠯ᠎ᠠ ᠪᠠᠷ ᠪᠠᠶᠢᠭᠤᠯᠵᠤ᠂ ᠬᠥᠳᠡᠭᠡ ᠲᠣᠰᠬᠤᠨ ᠤ ᠭᠡᠷ ᠪᠠᠶᠢᠰᠢᠩ ᠤᠨ ᠶᠠᠰᠤ ᠴᠢᠨᠠᠷ ᠤᠨ ᠠᠮᠤᠷ ᠲᠦᠪᠰᠢᠨ ᠢ ᠦᠨᠡᠨᠬᠦ ᠪᠠᠲᠤᠯᠠᠵᠤ᠂ ᠢᠵᠢ ᠪᠦᠷᠢᠳᠦᠭᠦᠯᠬᠦ ᠲᠥᠬᠦᠭᠡᠷᠦᠮᠵᠢ ᠶᠢ ᠦᠨᠳᠦᠰᠦᠨ ᠳᠡᠭᠡᠨ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠶᠡᠬᠡᠪᠡᠷ ᠲᠡᠭᠡᠭᠰᠢᠯᠡᠭᠦᠯᠦᠨ᠎ᠡ ᠃    ᠭᠤᠷᠪᠠ᠂ ︽ᠬᠡᠷᠡᠭᠵᠢᠭᠦᠯᠬᠦ ᠰᠠᠨᠠᠯ︾ ᠤᠨ ᠪᠣᠳᠠᠲᠠᠢ ᠠᠷᠭ᠎ᠠ ᠬᠡᠮᠵᠢᠶ᠎ᠡ ᠨᠢ ᠶᠠᠭᠤ ᠪᠣᠢ︖    ︽ᠬᠡᠷᠡᠭᠵᠢᠭᠦᠯᠬᠦ ᠰᠠᠨᠠᠯ︾ ᠨᠢ ︽ᠦᠯᠡᠳᠡᠭᠡᠯ ᠭᠡᠷ ᠪᠠᠶᠢᠰᠢᠩ ᠢ ᠬᠠᠮᠢᠶᠠᠷᠴᠤ᠂ ᠨᠡᠮᠡᠭᠳᠡᠯ ᠭᠡᠷ ᠪᠠᠶᠢᠰᠢᠩ ᠢ ᠬᠢᠵᠠᠭᠠᠷᠯᠠᠬᠤ︾ ᠰᠡᠳᠬᠢᠮᠵᠢ ᠶᠣᠰᠣᠭᠠᠷ᠂ ᠭᠤᠷᠪᠠᠨ ᠲᠠᠯ᠎ᠠ ᠶᠢᠨ ᠪᠣᠳᠠᠲᠠᠶ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ ᠨᠢᠭᠡ ᠳᠤ᠂ ᠨᠢᠭᠡᠨᠲᠡ ᠪᠠᠶᠢᠭ᠎ᠠ ᠬᠥᠳᠡᠭᠡ ᠲᠣᠰᠬᠤᠨ ᠤ ᠭᠡᠷ ᠪᠠᠶᠢᠰᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠎ᠠ᠃ ᠬᠥᠳᠡᠭᠡ ᠲᠣᠰᠬᠤᠨ ᠤ ᠭᠡᠷ ᠪᠠᠶᠢᠰᠢᠩ ᠤᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠪᠠᠶᠢᠩᠭᠤ ᠶᠢᠨ ᠴᠢᠨᠠᠷᠳᠠᠢ ᠦᠷᠨᠢᠭᠦᠯᠦᠨ᠎ᠡ᠂ ᠡᠵᠡᠩᠨᠡᠯᠲᠡ ᠳᠤ ᠬᠡᠷᠡᠭᠯᠡᠬᠦ ᠬᠥᠳᠡᠭᠡ ᠲᠣᠰᠬᠤᠨ ᠤ ᠭᠡᠷ ᠪᠠᠶᠢᠰᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠦ᠂ ᠥᠭᠡᠷᠡᠴᠢᠯᠡᠵᠦ ᠥᠷᠭᠡᠳᠬᠡᠨ ᠪᠠᠶᠢᠭᠤᠯᠬᠤ ᠪᠠ ᠬᠡᠷᠡᠭᠴᠡᠭᠡ ᠶᠢ ᠨᠢ ᠬᠤᠪᠢᠷᠠᠭᠤᠯᠬᠤ ᠬᠠᠮᠢᠶᠠᠷᠤᠯᠲᠠ ᠶᠢ ᠴᠢᠩᠳᠠᠯᠠᠵᠤ᠂ ᠬᠥᠳᠡᠭᠡ ᠲᠣᠰᠬᠤᠨ ᠤ ᠭᠡᠷ ᠪᠠᠶᠢᠰᠢᠩ ᠤᠨ ᠠᠮᠤᠷ ᠲᠦᠪᠰᠢᠨ ᠤ ᠪᠠᠶᠢᠩᠭᠤᠵᠢᠭᠰᠠᠨ ᠲᠣᠭᠤᠷᠢᠨ ᠪᠠᠶᠢᠴᠠᠭᠠᠬᠤ ᠲᠣᠭᠲᠠᠴᠠ ᠶᠢ ᠲᠦᠷᠭᠡᠳᠬᠡᠨ ᠪᠠᠶᠢᠭᠤᠯᠵᠤ᠂ ᠬᠥᠳᠡᠭᠡ ᠲᠣᠰᠬᠤᠨ ᠤ ᠭᠡᠷ ᠪᠠᠶᠢᠰᠢᠩ ᠤᠨ ᠠᠮᠤᠷ ᠲᠦᠪᠰᠢᠨ ᠳᠤ ᠲᠣᠭᠲᠠᠮᠠᠯ ᠬᠤᠭᠤᠴᠠᠭ᠎ᠠ ᠲᠠᠢ ᠪᠠᠷ ᠪᠡᠶ᠎ᠡ ᠶᠢᠨ ᠪᠠᠶᠢᠴᠠᠭᠠᠯᠲᠠ ᠬᠢᠬᠦ ᠳᠦᠷᠢᠮ ᠢ ᠠᠯᠬᠤᠮ ᠠᠯᠬᠤᠮ ᠢᠶᠠᠷ ᠪᠠᠶᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠬᠡᠨ ᠵᠠᠰᠠᠬᠤ ᠪᠠ ᠭᠠᠵᠠᠷ ᠬᠥᠳᠡᠯᠦᠯᠲᠡ ᠶᠢ ᠳᠠᠭᠠᠭᠠᠬᠤ ᠥᠭᠡᠷᠡᠴᠢᠯᠡᠯᠲᠡ ᠵᠡᠷᠭᠡ 6 ᠵᠦᠢᠯ ᠤᠨ ᠠᠵᠢᠯ ᠤᠨ ᠡᠭᠦᠷᠭᠡ ᠶᠢ ᠦᠷᠭᠦᠯᠵᠢᠯᠡᠨ ᠠᠬᠢᠭᠤᠯᠤᠨ᠎ᠠ᠃ ᠬᠤᠶᠠᠷ ᠲᠤ᠂ ᠰᠢᠨ᠎ᠡ ᠪᠠᠷ ᠪᠠᠶᠢᠭᠤᠯᠬᠤ ᠬᠥᠳᠡᠭᠡ ᠲᠣᠰᠬᠤᠨ ᠤ ᠭᠡᠷ ᠪᠠᠶᠢᠰᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠦᠷᠭᠡᠳᠬᠡᠨ ᠪᠦᠷᠢᠨᠰᠢᠭᠦᠯᠦᠨ᠎ᠡ ᠃ ᠬᠥᠳᠡᠭᠡ ᠲᠣᠰᠬᠤᠨ ᠤ ᠭᠡᠷ ᠪᠠᠶᠢᠰᠢᠩ ᠤᠨ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠦᠢ ᠵᠣᠬᠢᠰᠲᠠᠶ ᠲᠣᠬᠢᠷᠠᠭᠤᠯᠬᠤ᠂ ᠬᠥᠳᠡᠭᠡ ᠲᠣᠰᠬᠤᠨ ᠤ ᠭᠡᠷ ᠪᠠᠶᠢᠰᠢᠩ ᠤᠨ ᠭᠠᠵᠠᠷ ᠰᠣᠩᠭᠤᠬᠤ ᠠᠮᠤᠷ ᠲᠦᠪᠰᠢᠨ ᠢ ᠦᠨᠡᠨ ᠬᠦ ᠪᠠᠲᠤᠯᠠᠬᠤ᠂ ᠬᠥᠳᠡᠭᠡ ᠲᠣᠰᠬᠤᠨ ᠤ ᠭᠡᠷ ᠪᠠᠶᠢᠰᠢᠩ ᠤᠨ ᠵᠢᠷᠤᠭ ᠲᠥᠯᠥᠪᠯᠡᠭᠡ ᠶᠢ ᠴᠢᠩᠭ᠎ᠠ ᠵᠢᠷᠤᠮᠵᠢᠭᠤᠯᠬᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠢ ᠨᠢᠭᠡᠳᠦᠯᠲᠡᠶ ᠲᠥᠯᠥᠪᠯᠡᠨ ᠬᠡᠷᠡᠭᠵᠢᠭᠦᠯᠬᠦ᠂ ᠦᠨᠳᠦᠰᠦᠨ ᠱᠠᠲᠤᠨ ᠤ ᠬᠦᠴᠦᠨ ᠢ ᠲᠡᠭᠦᠯᠳᠡᠷᠵᠢᠭᠦᠯᠬᠦ᠂ ᠪᠡᠯᠡ ᠮᠥᠩᠭᠦ ᠶᠢᠨ ᠳᠡᠮᠵᠢᠯᠭᠡ ᠶᠢ ᠴᠢᠩᠭᠠᠷᠠᠭᠤᠯᠬᠤ ᠵᠡᠷᠭᠡ 6 ᠲᠠᠯ᠎ᠠ ᠪᠠᠷ ᠪᠣᠳᠠᠲᠠᠶ ᠲᠣᠭᠲᠠᠭᠠᠯ ᠭᠠᠷᠭᠠᠪᠠ᠃ ᠭᠤᠷᠪᠠ ᠳᠤ ᠂ ᠮᠡᠷᠭᠡᠵᠢᠯ ᠤᠨ ᠬᠥᠲᠥᠯᠥᠨ ᠵᠢᠯᠣᠭᠤᠳᠬᠤ ᠪᠠ ᠳᠦᠷᠢᠮ ᠤᠨ ᠰᠢᠨ᠎ᠡ ᠶᠢ ᠡᠭᠦᠳᠬᠦ ᠶᠢ ᠴᠢᠩᠭᠠᠳᠬᠠᠨ᠎ᠠ᠃ ᠬᠥᠳᠡᠭᠡ ᠲᠣᠰᠬᠤᠨ ᠤ ᠭᠡᠷ ᠪᠠᠶᠢᠰᠢᠩ ᠤᠨ ᠵᠢᠷᠤᠭ ᠲᠥᠯᠥᠪᠯᠡᠭᠡ ᠶᠢᠨ ᠬᠢᠷᠢ ᠲᠦᠪᠰᠢᠨ ᠢ ᠳᠡᠭᠡᠭᠰᠢᠯᠡᠭᠦᠯᠬᠦ᠂ ᠬᠥᠳᠡᠭᠡ ᠲᠣᠰᠬᠤᠨ ᠤ ᠭᠡᠷ ᠪᠠᠶᠢᠰᠢᠩ ᠤᠨ ᠪᠦᠳᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢᠨ ᠤᠷᠠᠨ ᠳᠠᠷᠬᠠᠨ ᠤ ᠡᠩᠨᠡᠭᠡ ᠶᠢ ᠪᠤᠶᠢᠵᠢᠭᠤᠯᠬᠤ᠂ ᠬᠥᠳᠡᠭᠡ ᠲᠣᠰᠬᠤᠨ ᠤ ᠭᠡᠷ ᠪᠠᠶᠢᠰᠢᠩ ᠤᠨ ᠪᠦᠳᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ᠂ ᠬᠥᠳᠡᠭᠡ ᠲᠣᠰᠬᠤᠨ ᠤ ᠭᠡᠷ ᠪᠠᠶᠢᠰᠢᠩ ᠤᠨ ᠳᠠᠭᠠᠳᠬᠠᠯ ᠤᠨ ᠲᠦᠷᠢᠮ ᠢ ᠰᠦᠪᠡᠭᠴᠢᠯᠡᠨ ᠪᠠᠶᠢᠭᠤᠯᠬᠤ ᠵᠡᠷᠭᠡ 5 ᠵᠦᠢᠯ ᠤᠨ ᠠᠭᠤᠯᠭ᠎ᠠ ᠳᠤ ᠲᠣᠳᠣᠷᠬᠠᠢ ᠱᠠᠭᠠᠷᠳᠠᠯᠭ᠎ᠠ ᠳᠤᠷᠠᠳᠴᠠᠢ᠃    ᠳᠥᠷᠪᠡ᠂ ︽ᠬᠡᠷᠡᠭᠵᠢᠭᠦᠯᠬᠦ ᠰᠠᠨᠠᠯ︾ ᠳᠤ ᠶᠠᠮᠠᠷ ᠶᠠᠮᠠᠷ ᠲᠥᠷᠥ ᠶᠢᠨ ᠪᠣᠳᠣᠯᠭ᠎ᠠ ᠶᠢᠨ ᠭᠢᠯᠠᠰ ᠴᠡᠭ ᠪᠠᠶᠢᠬᠤ ᠪᠣᠶ︖    ︵ᠨᠢᠭᠡ ︶᠂ ᠬᠥᠳᠡᠭᠡ ᠲᠣᠰᠬᠤᠨ ᠤ ᠭᠡᠷ ᠪᠠᠶᠢᠰᠢᠩ ᠤᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠪᠠᠶᠢᠩᠭᠤ ᠶᠢᠨ ᠴᠢᠨᠠᠷᠳᠠᠢ ᠥᠷᠨᠢᠭᠦᠯᠦᠨ᠎ᠡ᠃ ᠡᠯ᠎ᠡ ᠭᠠᠵᠠᠷ ᠤᠨ ᠬᠢᠨ ᠲᠣᠰ ᠵᠠᠰᠠᠭ ᠵᠠᠬᠢᠷᠭᠠᠨ ᠤ ᠣᠷᠣᠨ ᠪᠦᠰᠡ ᠶᠢᠨ ᠳᠣᠲᠣᠷᠠᠬᠢ ᠪᠣᠶ ᠪᠥᠬᠦᠶ ᠬᠥᠳᠡᠭᠡ ᠲᠣᠰᠬᠤᠨ ᠤ ᠬᠡᠷ ᠪᠠᠶᠢᠰᠢᠩ ᠤᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠪᠠᠶᠢᠩᠭᠤ ᠶᠢᠨ ᠴᠢᠨᠠᠷᠳᠠᠢ ᠥᠷᠨᠢᠭᠦᠯᠵᠦ᠂ ᠡᠵᠡᠩᠨᠡᠯᠲᠡ ᠳᠤ ᠬᠡᠷᠡᠭᠯᠡᠬᠦ᠂ 3 ᠳᠠᠪᠬᠤᠷᠭ᠎ᠠ ᠵᠢᠴᠢ ᠲᠡᠭᠦᠨ ᠠᠴᠠ ᠳᠡᠭᠡᠭᠰᠢ᠂ ᠬᠥᠮᠦᠨ ᠬᠠᠷ᠎ᠠ ᠲᠥᠪᠯᠡᠷᠡᠭᠰᠡᠨ ᠪᠠ ᠲᠣᠭᠲᠠᠭᠠᠯ ᠠᠴᠠ ᠵᠥᠷᠢᠴᠡᠨ ᠥᠭᠡᠷᠡᠴᠢᠯᠡᠵᠦ ᠥᠷᠭᠡᠳᠬᠡᠨ ᠪᠠᠶᠢᠭᠤᠯᠤᠭᠰᠠᠨ ᠵᠡᠷᠭᠡ ᠬᠥᠳᠡᠭᠡ ᠲᠣᠰᠬᠤᠨ ᠤ ᠬᠡᠷ ᠪᠠᠶᠢᠰᠢᠩ ᠳᠤ ᠭᠤᠤᠯᠳᠠᠯᠭ᠎ᠠ ᠲᠠᠢ ᠠᠩᠬᠠᠷᠤᠯ ᠢᠶᠠᠨ ᠲᠥᠪᠯᠡᠷᠡᠭᠦᠯᠵᠦ᠂ ᠪᠦᠲᠦᠴᠡ ᠶᠢᠨ ᠠᠮᠤᠷ ᠲᠦᠪᠰᠢᠨ ᠤ ᠴᠢᠨᠠᠷ ︵ᠵᠢᠷᠤᠭ ᠲᠥᠯᠥᠪᠯᠡᠭᠡ᠂ ᠪᠠᠷᠢᠯᠭ᠎ᠠ ᠪᠠᠷᠢᠬᠤ᠂ ᠬᠡᠷᠡᠭᠯᠡᠯᠲᠡ ᠵᠡᠷᠭᠡ ᠪᠠᠶᠢᠳᠠᠯ︶᠂ ᠡᠵᠡᠩᠨᠡᠯᠲᠡ ᠶᠢᠨ ᠠᠮᠤᠷ ᠲᠦᠪᠰᠢᠨ ᠤ ᠴᠢᠨᠠᠷ ︵ᠬᠠᠮᠢᠶ᠎ᠠ ᠪᠥᠬᠦᠶ ᠡᠵᠡᠩᠨᠡᠯᠲᠡ ᠶᠢᠨ ᠵᠥᠪᠰᠢᠶᠡᠷᠡᠯ᠂ ᠲᠠᠯᠠᠪᠤᠷ ᠭᠠᠵᠠᠷ ᠤᠨ ᠠᠮᠤᠷ ᠲᠦᠪᠰᠢᠨ ᠤ ᠱᠠᠭᠠᠷᠳᠠᠯᠭ᠎ᠠ ᠵᠡᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ︶᠂ ᠬᠥᠳᠡᠭᠡ ᠲᠣᠰᠬᠤᠨ ᠤ ᠬᠡᠷ ᠪᠠᠶᠢᠰᠢᠩ ᠤᠨ ᠪᠥᠲᠥᠭᠡᠨ ᠪᠠᠶᠢᠭᠤᠯᠤᠯᠲᠠ ᠶᠢᠨ ᠬᠠᠤᠯᠢ ᠲᠣᠭᠲᠠᠭᠠᠯ ᠳᠤ ᠨᠡᠶᠢᠴᠡᠬᠦ ︵ᠭᠠᠵᠠᠷ ᠰᠢᠷᠣᠶ ᠶᠢᠨ ᠲᠥᠯᠥᠪᠵᠢᠭᠦᠯᠭᠡ ᠶᠢᠨ ᠪᠥᠲᠥᠭᠡᠨ ᠪᠠᠶᠢᠭᠤᠯᠤᠯᠲᠠ ᠵᠡᠷᠭᠡ ᠭᠠᠷᠳᠠᠮ ᠢ ᠭᠦᠢᠴᠡᠳᠭᠡᠭᠰᠡᠨ ᠪᠠᠶᠢᠳᠠᠯ ᠢ ᠭᠤᠤᠯᠳᠠᠯᠭ᠎ᠠ ᠲᠠᠢ ᠵᠢᠭᠰᠠᠭᠠᠨ ᠪᠠᠶᠢᠴᠠᠭᠠᠨ᠎ᠠ︶ ᠭᠠᠵᠠᠷ ᠰᠢᠨᠵᠢᠯᠡᠭᠡ ᠪᠠ ᠡᠷᠬᠢᠨ ᠲᠣᠭᠤᠷᠢᠨ ᠤ ᠣᠷᠴᠢᠨ ᠲᠣᠭᠤᠷᠢᠨ ᠤ ᠠᠮᠤᠷ ᠲᠦᠪᠰᠢᠨ ᠵᠡᠷᠭᠡ ᠠᠭᠤᠯᠭ᠎ᠠ ᠶᠢ ᠭᠤᠤᠯᠳᠠᠯᠭ᠎ᠠ ᠲᠠᠢ ᠵᠢᠭᠰᠠᠭᠠᠨ ᠪᠠᠶᠢᠴᠠᠭᠠᠨ᠎ᠠ᠂ ᠬᠥᠳᠡᠭᠡ ᠲᠣᠰᠬᠤᠨ ᠤ ᠬᠡᠷ ᠪᠠᠶᠢᠰᠢᠩ ᠤᠨ ᠠᠮᠤᠷ ᠲᠦᠪᠰᠢᠨ ᠤ ᠮᠡᠳᠡᠭᠡ ᠵᠠᠩᠭᠢ ᠶᠢᠨ ᠡᠬᠡ ᠲᠠᠩᠰᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠬᠡᠷ ᠪᠠᠶᠢᠰᠢᠩ ᠤᠨ ᠠᠮᠤᠷ ᠲᠦᠪᠰᠢᠨ ᠤ ᠪᠠᠶᠢᠳᠠᠯ ᠢ ᠬᠥᠳᠡᠯᠦᠩᠭᠦᠶ ᠪᠠᠷ ᠬᠢᠨᠠᠨ ᠬᠡᠮᠵᠢᠵᠦ᠂ ᠦᠷᠭᠦᠯᠵᠢᠯᠡᠨ ᠪᠦᠲᠦᠮᠵᠢᠲᠡᠶ ᠬᠠᠮᠢᠶᠠᠷᠤᠨ ᠡᠵᠡᠮᠳᠡᠨ᠎ᠡ᠃    ︵ᠬᠤᠶᠠᠷ︶ ᠬᠥᠳᠡᠭᠡ ᠲᠤᠰᠬᠤᠨ ᠤ ᠭᠡᠷ ᠪᠠᠶᠢᠰᠢᠩ ᠤᠨ ᠪᠦᠳᠦᠭᠡᠨ ᠪᠠᠶᠢᠭᠤᠯᠤᠯᠳᠠ ᠳᠤ ᠵᠢᠷᠤᠭ ᠲᠥᠯᠥᠪᠯᠡᠭᠡᠨ ᠤ ᠦᠢᠯᠡᠴᠢᠯᠡᠭᠡ ᠪᠠ ᠮᠡᠷᠭᠡᠵᠢᠯ ᠤᠨ ᠵᠢᠯᠣᠭᠤᠳᠤᠯᠭ᠎ᠠ ᠬᠠᠩᠭᠠᠨ᠎ᠠ᠃ ᠣᠷᠣᠨ ᠪᠦᠰᠡ ᠶᠢᠨ ᠣᠨᠴᠠᠯᠢᠭ ᠂ ᠨᠤᠲᠤᠭ ᠤᠨ ᠣᠨᠴᠠᠯᠢᠭ ᠲᠠᠢ ᠬᠦᠳᠡᠭᠡ ᠲᠤᠰᠬᠤᠨ ᠤ ᠭᠡᠷ ᠪᠠᠶᠢᠰᠢᠩ ᠤᠨ ᠪᠠᠷᠢᠮᠵᠢᠶᠠᠳᠦ ᠵᠢᠷᠤᠭ ᠲᠦᠯᠦᠪᠯᠡᠭᠡ ᠶᠢᠨ ᠲᠡᠭᠦᠪᠦᠷᠢ ᠶᠢ ᠨᠠᠶᠢᠷᠠᠭᠤᠯᠤᠨ ᠵᠣᠬᠢᠶᠠᠵᠤ᠂ ᠮᠠᠯᠴᠢᠨ ᠲᠠᠷᠢᠶᠠᠴᠢᠳ ᠲᠤ ᠲᠦᠯᠦᠪᠦᠷᠢ ᠦᠭᠡᠢ ᠬᠡᠷᠡᠭᠯᠡᠬᠦᠯᠬᠦ ᠶᠢᠨ ᠬᠠᠮᠲᠤ ᠲᠦᠯᠦᠪᠦᠷᠢ ᠦᠭᠡᠢ ᠮᠡᠷᠭᠡᠵᠢᠯ ᠤᠨ ᠯᠠᠪᠯᠠᠭ᠎ᠠ ᠦᠢᠯᠡᠴᠢᠯᠡᠭᠡ ᠬᠠᠩᠭᠠᠬᠤ ᠬᠡᠷᠡᠭᠲᠡᠢ᠃ ᠪᠠᠷᠢᠮᠵᠢᠶᠠᠳᠦ ᠵᠢᠷᠤᠭ ᠲᠥᠯᠥᠪᠯᠡᠭᠡ ᠶᠢᠨ ᠲᠡᠭᠦᠪᠦᠷᠢ ᠳᠤ ᠪᠠᠷᠢᠯᠭ᠎ᠠ ᠶᠢᠨ ᠲᠥᠰᠦᠯ ᠤᠨ ᠵᠢᠷᠤᠭ ᠲᠥᠯᠥᠪᠯᠡᠭᠡ᠂ ᠪᠠᠷᠢᠯᠭ᠎ᠠ ᠪᠠᠷᠢᠬᠤ ᠵᠢᠷᠤᠭ ᠲᠦᠯᠦᠪᠯᠡᠯᠭᠡ ᠪᠣᠯᠤᠨ ᠴᠢᠬᠤᠯᠠ ᠵᠠᠩᠭᠢᠯᠠᠭ᠎ᠠ ᠶᠢᠨ ᠴᠡᠭ ᠤᠨ ᠵᠢᠷᠤᠭ ᠲᠦᠯᠦᠪᠯᠡᠯᠭᠡ ᠵᠡᠷᠭᠡ ᠶᠢ ᠪᠠᠭᠳᠠᠭᠠᠨ᠎ᠠ᠃ ᠪᠠᠷᠢᠯᠭ᠎ᠠ ᠶᠢᠨ ᠵᠢᠷᠤᠭ ᠲᠦᠯᠦᠪᠯᠡᠯᠭᠡ᠂ ᠪᠦᠲᠦᠴᠡ ᠶᠢᠨ ᠬᠢᠨᠠᠨ ᠲᠣᠭᠲᠠᠭᠠᠬᠤ᠂ ᠬᠤᠲᠠ ᠬᠥᠳᠡᠭᠡ ᠶᠢᠨ ᠲᠥᠯᠥᠪᠵᠢᠭᠦᠯᠭᠡ ᠵᠡᠷᠭᠡ ᠬᠠᠮᠢᠶ᠎ᠠ ᠪᠦᠬᠦᠢ ᠬᠦᠷᠢᠶᠡᠨ ᠤ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ᠂ ᠬᠡᠷᠡᠭᠴᠡᠭᠡ ᠱᠠᠭᠠᠷᠳᠠᠯᠭ᠎ᠠ ᠲᠠᠢ ᠲᠠᠷᠢᠶᠠᠯᠠᠬᠤ ᠮᠠᠯᠵᠢᠬᠤ ᠣᠷᠣᠨ ᠳᠤ ᠭᠦᠨᠵᠡᠭᠡᠶᠢᠷᠡᠨ ᠬᠥᠳᠡᠭᠡ ᠲᠤᠰᠬᠤᠨ ᠤ ᠭᠡᠷ ᠪᠠᠶᠢᠰᠢᠩ ᠤᠨ ᠵᠢᠷᠤᠭ ᠲᠦᠯᠦᠪᠯᠡᠯᠭᠡ ᠶᠢ ᠬᠥᠳᠡᠭᠡ ᠪᠠᠭᠤᠯᠭᠠᠬᠤ ᠦᠢᠯᠡᠴᠢᠯᠡᠭᠡᠨ ᠢ ᠥᠷᠨᠢᠭᠦᠯᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠬᠡᠯᠪᠡᠷᠢ ᠶᠢᠨ ᠲᠠᠷᠢᠶᠠᠯᠠᠬᠤ ᠮᠠᠯᠵᠢᠬᠤ ᠣᠷᠣᠨ ᠤ ᠣᠷᠣᠨ ᠰᠠᠭᠤᠴᠠ ᠬᠦᠷᠢᠶ᠎ᠡ ᠬᠠᠰᠢᠶ᠎ᠠ ᠶᠢᠨ ᠵᠢᠷᠤᠭ ᠲᠥᠯᠥᠪᠯᠡᠭᠡ ᠶᠢᠨ ᠲᠡᠭᠦᠪᠦᠷᠢ︾ ᠲᠠᠢ ᠤᠶᠠᠯᠳᠤᠭᠤᠯᠤᠨ᠂ ᠲᠠᠷᠢᠶᠠᠯᠠᠬᠤ ᠮᠠᠯᠵᠢᠬᠤ ᠣᠷᠣᠨ ᠤ ᠭᠡᠷ ᠪᠠᠶᠢᠰᠢᠩ᠂ ᠬᠦᠷᠢᠶ᠎ᠡ ᠬᠠᠰᠢᠶ᠎ᠠ ᠶᠢᠨ ᠪᠦᠲᠦᠭᠡᠨ ᠪᠠᠶᠢᠭᠤᠯᠤᠯᠲᠠ ᠶᠢᠨ ᠭᠠᠵᠠᠷ ᠣᠷᠣᠨ ᠪᠣᠯᠤᠨ ᠰᠣᠶᠣᠯ ᠤᠨ ᠣᠨᠴᠠᠯᠢᠭ ᠢ ᠬᠥᠲᠥᠯᠥᠨ ᠵᠢᠯᠣᠭᠤᠳᠴᠤ᠂ ᠲᠠᠷᠢᠶᠠᠴᠢᠨ ᠮᠠᠯᠴᠢᠳ ᠤᠨ ᠣᠳᠣ ᠦᠶ᠎ᠡ ᠶᠢᠨ ᠠᠮᠢᠳᠤᠷᠠᠯ ᠤᠨ ᠬᠡᠷᠡᠭᠴᠡᠭᠡ ᠳᠤ ᠵᠤᠬᠢᠴᠠᠭᠤᠯᠤᠨ᠎ᠠ᠃    ︵ᠭᠤᠷᠪᠠ︶ ᠬᠥᠳᠡᠭᠡ ᠲᠣᠰᠭᠤᠨ ᠤ ᠪᠦᠲᠦᠭᠡᠨ ᠪᠠᠶᠢᠭᠤᠯᠤᠯᠳᠠ ᠶᠢᠨ ᠤᠷᠠᠨ ᠳᠠᠷᠬᠠᠨ ᠤ ᠪᠣᠯᠪᠠᠰᠤᠷᠠᠯ ᠪᠠ ᠬᠠᠮᠢᠶᠠᠷᠤᠯᠲᠠ ᠶᠢ ᠴᠢᠩᠭᠠᠳᠬᠠᠨ᠎ᠠ᠃ ᠡᠯ᠎ᠡ ᠭᠠᠵᠠᠷ ᠤᠳ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠤᠷᠠᠨ ᠳᠠᠷᠬᠠᠨ ᠤ ᠪᠣᠯᠪᠠᠰᠤᠷᠠᠯ ᠤᠨ ᠰᠠᠭᠤᠷᠢᠨ ᠭᠠᠵᠠᠷ ᠪᠣᠯᠤᠨ ᠰᠦᠯᠵᠢᠶᠡᠨ ᠤ ᠪᠣᠯᠪᠠᠰᠤᠷᠠᠯ ᠤᠨ ᠲᠠᠪᠴᠠᠩ ᠢ ᠲᠦᠷᠭᠡᠬᠡᠨ ᠪᠠᠶᠢᠭᠤᠯᠵᠤ᠂ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠤᠷᠠᠨ ᠳᠠᠷᠬᠠᠨ ᠢ ᠠᠳᠠᠭ ᠲᠠᠭᠠᠨ 3 ᠵᠢᠯ ᠪᠦᠷᠢ ᠨᠢᠭᠡ ᠤᠳᠠᠭ᠎ᠠ ᠪᠣᠯᠪᠠᠰᠤᠷᠠᠭᠤᠯᠵᠤ᠂ ᠲᠣᠭᠲᠠᠭᠠᠯ ᠶᠣᠰᠣᠭᠠᠷ ᠬᠢᠷᠢ ᠲᠡᠩᠴᠡᠭᠰᠡᠨ ᠦᠨᠡᠮᠯᠡᠯ ᠢ ᠬᠢᠨᠠᠨ ᠣᠯᠭᠤᠵᠤ᠂ ᠬᠥᠳᠡᠭᠡ ᠲᠣᠰᠬᠤᠨ ᠳᠤ ᠦᠨᠳᠦᠰᠦᠯᠡᠭᠰᠡᠨ᠂ ᠲᠠᠷᠢᠶᠠᠴᠢᠳ ᠲᠤ ᠦᠢᠯᠡᠴᠢᠯᠡᠭᠰᠡᠨ᠂ ᠠᠵᠢᠯ ᠮᠡᠷᠭᠡᠵᠢᠯ ᠤᠨ ᠴᠢᠳᠠᠪᠤᠷᠢ ᠶᠢᠨ ᠬᠢᠷᠢ ᠲᠦᠪᠰᠢᠨ ᠨᠡᠯᠢᠶᠡᠳ ᠥᠨᠳᠥᠷ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠤᠷᠠᠨ ᠳᠠᠷᠬᠠᠨ ᠤ ᠡᠩᠨᠡᠭᠡ ᠶᠢ ᠬᠦᠴᠦᠯᠡᠨ ᠬᠥᠮᠦᠵᠢᠭᠦᠯᠵᠦ᠂ ᠬᠥᠳᠡᠭᠡ ᠲᠣᠰᠬᠤᠨ ᠤ ᠭᠡᠷ ᠪᠠᠶᠢᠰᠢᠩ ᠤᠨ ᠶᠠᠰᠤ ᠴᠢᠨᠠᠷ ᠤᠨ ᠠᠶᠦᠯᠭᠦᠢ ᠳᠤ ᠪᠠᠷᠢᠯᠭ᠎ᠠ ᠶᠢᠨ ᠠᠵᠢᠯ ᠤᠨ ᠪᠠᠲᠤᠯᠠᠭ᠎ᠠ ᠬᠠᠩᠭᠠᠨ᠎ᠠ᠃    ︵ᠲᠦᠷᠪᠡ︶ ᠬᠥᠳᠡᠭᠡ ᠲᠣᠰᠬᠤᠨ ᠤ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠮᠡᠳᠡᠭᠡ ᠵᠠᠩᠬᠢᠴᠢᠯᠠᠯᠳᠠ ᠶᠢᠨ ᠬᠢᠷᠢ ᠲᠦᠪᠰᠢᠨ ᠢ ᠲᠡᠭᠡᠭᠰᠢᠯᠡᠭᠦᠯᠦᠨ᠎ᠡ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠨᠢ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠬᠥᠳᠡᠭᠡ ᠲᠣᠰᠬᠤᠨ ᠤ ᠬᠡᠷ ᠪᠠᠶᠢᠰᠢᠩ ᠤᠨ ᠪᠦᠳᠦᠭᠡᠨ ᠪᠠᠶᠢᠭᠤᠯᠤᠯᠳᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠲᠠᠪᠴᠠᠩ ᠢ ᠨᠢᠭᠡᠳᠦᠯᠲᠡᠶ ᠲᠥᠯᠥᠪᠯᠡᠨ ᠪᠠᠶᠢᠭᠤᠯᠵᠤ᠂ ᠣᠷᠣᠨ ᠪᠦᠰᠡ ᠶᠢᠨ ᠭᠠᠵᠠᠷ ᠵᠦᠶ ᠶᠢᠨ ᠮᠡᠳᠡᠭᠡ ᠵᠠᠩᠭᠢ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠂ ᠵᠢᠷᠤᠭ ᠲᠦᠯᠦᠪᠯᠡᠯᠭᠡ ᠪᠥᠲᠥᠭᠡᠨ ᠪᠠᠶᠢᠭᠤᠯᠬᠤ ᠪᠠ ᠬᠡᠷ ᠪᠠᠶᠢᠰᠢᠩ ᠤᠨ ᠠᠮᠤᠷ ᠲᠦᠪᠰᠢᠨ ᠤ ᠪᠠᠶᠢᠳᠠᠯ ᠵᠡᠷᠭᠡ ᠮᠡᠳᠡᠭᠡ ᠵᠠᠩᠭᠢ ᠶᠢ ᠪᠠᠭᠲᠠᠭᠠᠭᠰᠠᠨ ᠬᠥᠳᠡᠭᠡ ᠲᠣᠰᠬᠤᠨ ᠤ ᠬᠡᠷ ᠪᠠᠶᠢᠰᠢᠩ ᠤᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠳ᠋ᠠᠶᠢᠲ᠋ᠠ ᠬᠥᠮᠥᠷᠭᠡ ᠶᠢ ᠪᠠᠶᠢᠭᠤᠯᠵᠤ᠂ ᠡᠯ᠎ᠡ ᠲᠠᠰ ᠳᠠᠪᠬᠤᠷᠭ᠎ᠠ ᠶᠢᠨ ᠰᠢᠰᠲ᠋ᠧᠮ ᠤᠨ ᠳᠡᠭᠡᠳᠦ ᠳᠣᠤᠷᠠᠳᠤ ᠱᠠᠲᠤᠨ ᠤ ᠬᠤᠯᠪᠣᠭᠠᠯᠠᠨ ᠬᠥᠳᠡᠯᠦᠯᠴᠡᠬᠦ ᠪᠠ ᠰᠠᠯᠠᠭ᠎ᠠ ᠮᠥᠴᠢᠷ ᠤᠨ ᠬᠤᠭᠤᠷᠣᠨᠳᠣᠬᠢ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠴᠢᠩᠭᠠᠳᠬᠠᠨ᠂ ᠲᠤᠭ᠎ᠠ ᠪᠠᠷᠢᠮᠲᠠ ᠶᠢ ᠨᠡᠪᠲᠡᠷᠡᠭᠦᠯᠵᠦ᠂ ᠬᠥᠳᠡᠭᠡ ᠲᠣᠰᠬᠤᠨ ᠤ ᠬᠡᠷ ᠪᠠᠶᠢᠰᠢᠩ ᠤᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠣᠭᠠᠴᠢᠯᠠᠯᠲᠠ᠂ ᠤᠶᠤᠨᠴᠢᠯᠠᠯᠲᠠ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠬᠡᠷ ᠪᠠᠶᠢᠰᠢᠩ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ︽ᠨᠢᠭᠡ ᠰᠦᠯᠵᠢᠶ᠎ᠡ ᠪᠠᠷ ᠨᠡᠶᠢᠳᠡᠮ ᠬᠦᠢᠴᠡᠳᠬᠡᠬᠦ︾ ᠶᠢ ᠪᠡᠶᠡᠯᠡᠭᠦᠯᠬᠦ ᠶᠢ ᠠᠬᠢᠭᠤᠯᠤᠨ᠎ᠠ᠃    ᠲᠠᠶᠢᠯᠤᠮᠵᠢ ᠬᠢᠭᠴᠢ᠄ ᠰᠢᠶᠤᠤ ᠴᠢᠶᠠᠩ     ᠬᠠᠷᠢᠯᠴᠠᠬᠤ ᠤᠲᠠᠰᠤ᠄ 6945781 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ
Baidu
map