ᠢᠦᠶ ᠰᠢᠨ ᠹᠠᠩ ᠬᠥᠯᠥᠨ ᠪᠤᠶᠢᠷ ᠬᠤᠲᠠ ᠳᠤ ︽ᠲᠤᠯᠠᠭᠠᠯᠭ᠎ᠠ ᠶᠢᠨ ᠢᠨᠵᠧᠨᠧᠷᠢᠩ︾ ᠢ ᠬᠡᠷᠡᠭᠵᠢᠭᠦᠯᠦᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠳᠠ ᠬᠢᠪᠡ
ᠨᠡᠶᠢᠲᠡᠯᠡᠭᠰᠡᠨ ᠴᠠᠭ᠄
2024/9/5
    8 ᠳ᠋ᠤᠭᠠᠷ ᠰᠠᠷ᠎ᠠ ᠶᠢᠨ 31 ᠤ ᠡᠳᠦᠷ ᠠᠴᠠ 9 ᠰᠠᠷ᠎ᠠ ᠶᠢᠨ 2 ᠤᠨ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠢᠦᠶ ᠰᠢᠨ ᠹᠠᠩ ᠪᠦᠯᠬᠦᠮ ᠳᠠᠭᠠᠭᠤᠯᠤᠨ ᠬᠥᠯᠥᠨ ᠪᠤᠶᠢᠷ ᠬᠤᠲᠠ ᠳᠤ ᠬᠦᠷᠴᠦ ︽ᠲᠤᠯᠠᠭᠠᠯᠭ᠎ᠠ ᠶᠢᠨ ᠢᠨᠵᠧᠨᠧᠷᠢᠩ︾ ᠢ ᠬᠡᠷᠡᠭᠵᠢᠭᠦᠯᠦᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠳᠠ ᠬᠢᠪᠡ᠃ᠢᠦᠢ ᠰᠢᠨ ᠹᠠᠩ ᠤᠷᠢᠳ ᠬᠤᠵᠢᠳ ᠡᠷᠭᠦᠨ᠎ᠡ ᠬᠤᠳᠠ ᠶᠢᠨ ᠬᠤᠳᠠ ᠶᠢᠨ ᠰᠠᠭᠤᠷᠢ ᠪᠡᠯᠡᠳᠭᠡᠮᠵᠢ ᠶᠢᠨ ᠠᠵᠢᠯᠯᠠᠭᠠᠨ ᠤ ᠺᠣᠮᠫᠠᠨᠢ ᠶᠢᠨ ᠢᠯᠴᠢ ᠴᠠᠬᠢᠯᠭᠠᠨ ᠤ ᠦᠢᠯᠡᠳᠪᠦᠷᠢ᠂ ᠭᠡᠭᠡᠨ ᠭᠤᠣᠯ ᠬᠤᠳᠠ ᠶᠢᠨ ᠭᠤᠸᠠᠩ ᠮᠢᠩ ᠢᠯᠴᠢ ᠴᠠᠬᠢᠯᠭᠠᠨ ᠤ ᠬᠢᠵᠠᠭᠠᠷᠲᠤ ᠺᠣᠮᠫᠠᠨᠢ᠂ ᠶᠢᠩ ᠪᠢᠨ ᠵᠠᠮ ᠤᠨ ᠰᠠᠭᠤᠭᠠᠯᠢ ᠠᠷᠠᠳ ᠤᠨ ᠲᠣᠭᠤᠷᠢᠭ ᠤᠨ ᠢᠯᠴᠢ ᠶᠢᠨ ᠬᠦᠴᠦᠨ ᠤ ᠦᠷᠳᠡᠭᠡ᠂ ᠱᠢ ᠵᠢᠢ ᠬᠤᠸᠠ ᠶᠤᠸᠠᠨ ᠢᠯᠴᠢ ᠶᠢᠨ ᠬᠦᠴᠦᠨ ᠤ ᠦᠷᠳᠡᠭᠡ ᠵᠡᠷᠭᠡ ᠭᠠᠵᠠᠷ ᠲᠤ ᠬᠦᠷᠴᠦ ︽ᠲᠤᠯᠠᠭᠠᠯᠭ᠎ᠠ ᠶᠢᠨ ᠢᠨᠵᠧᠨᠧᠷᠢᠩ︾ ᠢ ᠪᠡᠶᠡᠯᠡᠭᠦᠯᠦᠭᠰᠡᠨ ᠪᠠᠶᠢᠳᠠᠯ᠂ ᠢᠯᠴᠢ ᠬᠠᠩᠭᠠᠬᠤ ᠰᠢᠰᠲ᠋ᠧᠮ ᠤᠨ ᠠᠵᠢᠯᠯᠠᠭᠠᠨ ᠤ ᠪᠠᠶᠢᠳᠠᠯ ᠢ ᠪᠠᠶᠢᠴᠠᠭᠠᠨ ᠰᠤᠳᠤᠯᠵᠤ᠂ ᠳᠠᠷᠠᠭ᠎ᠠ ᠪᠠᠷ ᠨᠢ ᠰᠠᠭᠤᠭᠠᠯᠢ ᠠᠷᠠᠳ ᠤᠨ ᠲᠣᠭᠤᠷᠢᠭ ᠲᠤ ᠬᠦᠷᠴᠦ᠂ ᠢᠯᠴᠢ ᠬᠠᠩᠭᠠᠯᠭ᠎ᠠ ᠶᠢᠨ ᠦᠷ᠎ᠡ ᠪᠦᠲᠦᠮᠵᠢ ᠶᠢ ᠲᠤᠬᠠᠢ ᠶᠢᠨ ᠭᠠᠵᠠᠷ ᠲᠤᠨᠢ ᠣᠶᠢᠯᠠᠭᠠᠪᠠ᠃
W020240904331447232625.png
    ᠢᠦᠶ ᠰᠢᠨ ᠹᠠᠩ᠂ ᠡᠷᠭᠦᠨ᠎ᠡ ᠬᠤᠲᠠ ᠪᠣᠯᠤᠨ ᠭᠡᠭᠡᠨ ᠭᠤᠤᠯ ᠬᠤᠲᠠ ᠪᠣᠯ ᠪᠥᠬᠦ ᠣᠷᠣᠨ ᠤ ᠢᠯᠴᠢ ᠬᠠᠩᠭᠠᠯᠭ᠎ᠠ ᠬᠠᠮᠤᠭ ᠤᠨ ᠡᠷᠲᠡ ᠡᠬᠢᠯᠡᠬᠦ ᠭᠠᠵᠠᠷ ᠣᠷᠣᠨ ᠮᠥᠨ᠂ ᠠᠩᠬᠠᠳᠠᠭᠴᠢ ᠪᠦᠯᠦᠭ ︽ᠲᠤᠯᠠᠭᠠᠯᠭ᠎ᠠ ᠶᠢᠨ ᠢᠨᠵᠧᠨᠧᠷᠢᠩ︾ ᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠰᠢᠯᠭᠠᠨ ᠪᠠᠳᠤᠯᠠᠬᠤ ᠬᠤᠰᠢᠭᠤ ᠰᠢᠶᠠᠨ ︵ᠬᠤᠲᠠ᠂ ᠲᠣᠭᠤᠷᠢᠭ︶ ᠮᠥᠨ᠃ ᠣᠯᠠᠨ ᠲᠦᠮᠡᠨ ᠤ ᠭᠡᠷ ᠲᠤᠯᠠᠭᠠᠨ ᠪᠠᠶᠢᠬᠤ ᠡᠰᠡᠬᠦ ᠨᠢ ︽ ᠲᠤᠯᠠᠭᠠᠯᠭ᠎ᠠ ᠶᠢᠨ ᠢᠨᠵᠧᠨᠧᠷᠢᠩ︾ ᠤᠨ ᠦᠷ᠎ᠡ ᠪᠦᠳᠦᠮᠵᠢ ᠶᠢ ᠤᠶᠢᠯᠠᠭᠠᠬᠤ ᠴᠣᠷ ᠤᠨ ᠭᠠᠭᠴᠠ ᠪᠠᠷᠢᠮᠵᠢᠶ᠎ᠠ ᠪᠣᠯᠤᠨ᠎ᠠ᠃ ᠡᠯ᠎ᠡ ᠭᠠᠵᠠᠷ ᠣᠷᠣᠨ ᠤ ᠬᠢᠨ ︽ ᠲᠤᠯᠠᠭᠠᠯᠭ᠎ᠠ ᠶᠢᠨ ᠢᠨᠵᠧᠨᠧᠷᠢᠩ︾ ᠢ ᠪᠣᠳᠠᠲᠠᠢ ᠰᠠᠶᠢᠲᠤᠷ ᠬᠢᠭᠰᠡᠨ ᠰᠠᠭᠤᠷᠢᠨ ᠳᠡᠭᠡᠷ᠎ᠡ᠂ ᠦᠢᠯᠡᠴᠢᠯᠡᠭᠡ᠂ ᠠᠵᠢᠯᠯᠠᠭᠠᠨ᠂ ᠬᠢᠨᠠᠯᠲᠠ ᠬᠠᠮᠢᠶᠠᠷᠤᠯᠲᠠ ᠵᠡᠷᠭᠡ ᠬᠠᠮᠢᠶ᠎ᠠ ᠪᠦᠬᠦᠢ ᠲᠦᠷᠢᠮ ᠢ ᠪᠠᠶᠢᠭᠤᠯᠤᠨ ᠪᠦᠷᠢᠨᠰᠢᠭᠦᠯᠵᠦ ᠂ ᠡᠨᠧᠷᠭᠢ ᠶᠢᠨ ᠪᠠᠲᠤᠯᠠᠭ᠎ᠠ ᠪᠣᠯᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠢᠯᠴᠢ ᠬᠠᠩᠭᠠᠯᠭ᠎ᠠ ᠶᠢᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠵᠤ᠂ ᠤᠯᠠᠨ ᠲᠦᠮᠡᠨ ᠤ ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠬᠤ ᠬᠡᠷᠡᠭᠲᠡᠢ ᠭᠡᠵᠤ ᠴᠢᠬᠤᠯᠠᠴᠢᠯᠠᠪᠠ᠃    ᠢᠦᠶ ᠰᠢᠨ ᠹᠠᠩ᠂ ᠡᠯ᠎ᠡ ᠭᠠᠵᠠᠷ ᠤᠨ ᠬᠢᠨ ᠬᠡᠷ ᠤᠨ ᠳᠤᠯᠠᠭᠠᠨ ᠢ ᠰᠦᠯᠵᠢᠶᠡᠨ ᠲᠡᠭᠡᠷ᠎ᠡ ᠬᠢᠨᠠᠨ ᠬᠡᠮᠵᠢᠬᠦ ᠰᠢᠰᠲ᠋ᠧᠮ ᠢ ᠪᠠᠶᠢᠭᠤᠯᠵᠤ᠂ ᠰᠠᠭᠤᠭᠠᠯᠢ ᠠᠷᠠᠳ ᠤᠨ ᠲᠣᠭᠤᠷᠢᠭ ᠢᠶᠠᠷ ᠨᠢᠭᠡᠴᠢ ᠪᠣᠯᠭᠠᠨ᠂ ᠬᠠᠷᠢᠴᠠᠯ ᠢᠶᠠᠷ ᠬᠡᠷ ᠤᠨ ᠳᠤᠯᠠᠭᠠᠨ ᠤ ᠬᠢᠨᠠᠨ ᠬᠡᠮᠵᠢᠭᠦᠷ ᠤᠭᠰᠠᠷᠠᠵᠤ᠂ ᠬᠡᠷ ᠤᠨ ᠳᠤᠯᠠᠭᠠᠨ ᠢ ᠰᠦᠯᠵᠢᠶᠡᠨ ᠲᠡᠭᠡᠷ᠎ᠡ ᠬᠢᠨᠠᠨ ᠬᠡᠮᠵᠢᠬᠦ ᠶᠢ ᠬᠢᠨᠠᠨ ᠬᠠᠮᠢᠶᠠᠷᠤᠯᠳᠠ ᠶᠢᠨ ᠴᠢᠬᠤᠯᠠ ᠠᠷᠭ᠎ᠠ ᠪᠠᠷᠢᠯ ᠪᠣᠯᠭᠠᠵᠤ᠂ ᠬᠡᠷᠡᠭ ᠤᠨ ᠡᠮᠦᠨ᠎ᠡ ᠤᠷᠢᠳᠴᠢᠯᠠᠨ ᠰᠡᠷᠡᠮᠵᠢᠯᠡᠭᠦᠯᠵᠦ ᠰᠠᠨᠠᠭᠠᠴᠢᠯᠠᠭ᠎ᠠ ᠠᠴᠠ ᠪᠠᠨ ᠠᠰᠠᠭᠤᠳᠠᠯ ᠢ ᠢᠯᠡᠷᠡᠭᠦᠯᠵᠦ᠂ ᠣᠯᠠᠨ ᠲᠦᠮᠡᠨ ᠤ ᠢᠯᠴᠢ ᠬᠡᠷᠡᠭᠯᠡᠬᠦ ᠬᠠᠨᠤᠮᠵᠢ ᠶᠢᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ ᠭᠡᠵᠤ ᠱᠠᠭᠠᠷᠳᠠᠪᠠ     ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠬᠠᠮᠢᠶ᠎ᠠ ᠪᠥᠬᠦᠶ ᠭᠠᠵᠠᠷ ᠲᠠᠰᠤᠭ ᠤᠨ ᠬᠠᠷᠢᠭᠤᠴᠠᠯᠭᠠᠲᠠᠨ᠂ ᠬᠥᠯᠥᠨ ᠪᠤᠶᠢᠷ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ 
ᠢᠷᠡᠯᠲᠡ᠄ ᠲᠢᠩᠬᠢᠮ ᠤᠨ ᠬᠤᠲᠠ ᠶᠢᠨ ᠬᠠᠮᠢᠶᠠᠷᠤᠯᠲᠠ ᠶᠢᠨ ᠭᠠᠵᠠᠷ
Baidu
map