ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠮᠡᠳᠡᠭᠡ ᠵᠠᠩᠭᠢ ᠶᠢᠨ ᠵᠠᠭᠪᠤᠷ ︵BIM︶ ᠤᠨ ᠮᠡᠷᠭᠡᠵᠢᠯᠲᠡᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠬᠥᠬᠡᠬᠤᠲᠠ ᠳᠤ ᠡᠬᠢᠯᠡᠪᠡ
ᠨᠡᠶᠢᠲᠡᠯᠡᠭᠰᠡᠨ ᠴᠠᠭ᠄
2024/9/6
    9 ᠳ᠋ᠤᠭᠡᠷ ᠰᠠᠷ᠎ᠠ ᠶᠢᠨ 4 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠭᠤᠤᠯᠴᠢᠯᠠᠨ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠮᠠᠲ᠋ᠧᠷᠢᠶᠠᠯ ᠵᠠᠮ ᠬᠠᠷᠢᠯᠴᠠᠭ᠎ᠠ ᠲᠡᠮᠦᠷᠯᠢᠭ ᠬᠠᠶᠢᠯᠤᠭᠤᠯᠬᠤ ᠠᠵᠢᠯᠴᠢᠨ ᠤ ᠡᠪᠯᠡᠯ ᠳᠠᠭᠠᠭᠠᠴᠢᠯᠠᠨ ᠡᠷᠭᠢᠯᠡᠵᠦ᠂ ᠥᠪᠥᠷ ᠮᠣᠩᠭᠤᠯ ᠤᠨ ᠪᠠᠷᠢᠯᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠪᠠᠷᠢᠯᠭ᠎ᠠ ᠶᠢᠨ ᠦᠢᠯᠡᠰ ᠤᠨ ᠨᠡᠶᠢᠭᠡᠮᠯᠢᠭ ᠬᠠᠮᠵᠢᠨ ᠡᠷᠭᠢᠯᠡᠭᠰᠡᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠮᠡᠳᠡᠭᠡ ᠵᠠᠩᠭᠢ ᠶᠢᠨ ᠵᠠᠭᠪᠤᠷ ︵BIM︶ ᠤᠨ ᠮᠡᠷᠭᠡᠵᠢᠯ ᠤᠨ ᠠᠵᠢᠯᠲᠠᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠵᠢᠩᠬᠢᠨᠢ ᠪᠠᠷ ᠡᠬᠢᠯᠡᠪᠡ᠃ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠵᠠᠩ ᠾᠧ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠵᠦ᠂ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠸᠠᠩ ᠵᠢᠶᠦ᠋ᠨ ᠤᠷᠤᠯᠳᠤᠭᠠᠨ ᠡᠬᠢᠯᠡᠭᠰᠡᠨ ᠢ ᠵᠠᠷᠯᠠᠪᠠ᠃
W020240905339781231019.png
W020240905339781337254.png
W020240905339781406587.png
W020240905339781479644.png
    ᠲᠣᠰ ᠤᠳᠠᠭᠠᠨ ᠤ ᠤᠷᠤᠯᠳᠤᠭᠠᠨ 3 ᠡᠳᠦᠷ ᠶᠠᠪᠤᠭᠳᠠᠵᠤ᠂ ᠪᠥᠬᠦ ᠣᠷᠣᠨ ᠤ 11 ᠠᠶᠢᠮᠠᠭ ᠬᠤᠲᠠ᠂ 20 ᠠᠵᠤ ᠠᠬᠤᠶᠢᠯᠠᠯ ᠤᠨ 36 ᠠᠵᠢᠯᠳᠠᠨ ᠤᠷᠤᠯᠳᠤᠭᠠᠨ ᠳᠤ ᠣᠷᠣᠯᠴᠠᠪᠠ᠃ ᠤᠷᠤᠯᠳᠤᠭᠠᠨ ᠨᠢ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠦᠢᠯᠡᠰ ᠤᠨ ᠴᠢᠳᠠᠪᠤᠷᠢᠲᠠᠨ ᠤ ᠬᠥᠭᠵᠢᠯᠲᠡ ᠶᠢᠨ ᠶᠡᠷᠦᠩᠬᠡᠶ ᠱᠠᠭᠠᠷᠳᠠᠯᠭ᠎ᠠ ᠶᠢᠨ ᠲᠣᠭᠤᠷᠢᠨ ᠳᠤ᠂ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠭᠤᠯᠤᠨ᠂ ᠰᠢᠨ᠎ᠡ ᠮᠡᠷᠭᠡᠵᠢᠯ ᠰᠢᠨ᠎ᠡ ᠭᠠᠷ ᠤᠷᠠᠯᠠᠯ ᠤᠨ ᠬᠥᠭᠵᠢᠯᠲᠡ ᠶᠢᠨ ᠬᠠᠨᠳᠤᠰᠢ ᠳᠤ ᠴᠢᠭᠯᠡᠭᠦᠯᠦᠨ᠂ BIM᠂ ᠪᠣᠬᠢᠷᠲᠤᠯ ᠥᠬᠡᠶ ᠪᠠᠷᠢᠯᠭ᠎ᠠ᠂ ᠤᠶᠤᠨᠲᠤ ᠬᠤᠲᠠ ᠶᠢᠨ ᠪᠥᠲᠥᠭᠡᠨ ᠪᠠᠶᠢᠭᠤᠯᠤᠯᠲᠠ ᠵᠡᠷᠭᠡ ᠲᠠᠯ᠎ᠠ ᠶᠢᠨ ᠤᠷ᠎ᠠ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠪᠠ ᠰᠢᠯᠢᠨ ᠰᠣᠩᠭᠤᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠠᠵᠢᠯ ᠲᠥᠷᠥᠯ ᠤᠨ ᠠᠵᠢᠯ ᠡᠷᠭᠢᠯᠡᠭᠰᠡᠳ ᠢᠯᠠᠩᠭᠤᠶ᠎ᠠ ᠵᠠᠯᠠᠭᠤ ᠨᠢᠭᠡ ᠦᠶ᠎ᠡ ᠶᠢᠨ ᠬᠢᠨ ᠢ ᠬᠥᠲᠥᠯᠦᠨ ᠵᠢᠯᠣᠭᠤᠳᠴᠤ ᠪᠠᠶᠢᠭᠠᠳ ᠤᠷ᠎ᠠ ᠮᠡᠷᠭᠡᠵᠢᠯ ᠤᠨ ᠴᠢᠳᠠᠪᠤᠷᠢᠲᠠᠨ ᠪᠣᠯᠬᠤ᠂ ᠤᠷ᠎ᠠ ᠮᠡᠷᠭᠡᠵᠢᠯ ᠢᠶᠠᠷ ᠤᠯᠤᠰ ᠲᠠᠭᠠᠨ ᠵᠢᠳᠬᠦᠬᠦ ᠵᠠᠮ ᠢᠶᠠᠷ ᠵᠠᠮᠨᠠᠭᠤᠯᠵᠤ᠂ ᠪᠥᠬᠦ ᠣᠷᠣᠨ ᠤ ᠪᠠᠷᠢᠯᠭ᠎ᠠ ᠶᠢᠨ ᠦᠢᠯᠡᠰ ᠤᠨ ᠬᠡᠯᠪᠡᠷᠢ ᠬᠤᠪᠢᠷᠠᠭᠤᠯᠤᠨ ᠲᠠᠰ ᠳᠡᠪᠰᠢᠬᠦ ᠪᠠ ᠴᠢᠨᠠᠷ ᠰᠠᠶᠢᠲᠠᠶ ᠬᠥᠭᠵᠢᠯᠲᠡ ᠳᠤ ᠴᠢᠳᠠᠪᠤᠷᠢᠲᠠᠨ ᠤ ᠳᠡᠮᠵᠢᠯᠭᠡ ᠬᠠᠩᠭᠠᠨ᠎ᠠ᠃    ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠬᠠᠮᠢᠶ᠎ᠠ ᠪᠦᠬᠦᠢ ᠭᠠᠵᠠᠷ ᠲᠠᠰᠤᠭ᠂ ᠰᠢᠭᠤᠳ ᠬᠠᠷᠢᠶ᠎ᠠ ᠨᠢᠭᠡᠴᠢ ᠶᠢᠨ ᠬᠠᠷᠢᠭᠤᠴᠠᠯᠭᠠᠲᠠᠨ ᠨᠥᠬᠦᠳ ᠪᠣᠯᠤᠨ ᠥᠪᠥᠷ ᠮᠣᠩᠭᠤᠯ ᠤᠨ ᠪᠠᠷᠢᠯᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠦᠢᠯᠡᠰ ᠤᠨ ᠨᠡᠶᠢᠭᠡᠮᠯᠢᠭ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ᠂ ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠨᠥᠬᠦᠳ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ 
ᠢᠷᠡᠯᠲᠡ᠄ ᠲᠢᠩᠬᠢᠮ ᠤᠨ ᠠᠵᠢᠯᠲᠠᠨ ᠤ ᠶᠠᠪᠤᠳᠠᠯ ᠤᠨ ᠭᠠᠵᠠᠷ
Baidu
map