9 ᠳ᠋ᠦ᠋ᠭᠡᠷ ᠰᠠᠷ᠎ᠠ ᠶᠢᠨ 5 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ | ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ | ᠬᠤᠷᠠᠯ ᠪᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠪᠠ᠃ | ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠦᠸᠧ ᠢᠦᠶ ᠹᠧᠩ ᠬᠤᠷᠠᠯ ᠢ ᠡᠷᠭᠢᠯᠡᠪᠡ᠃ | | | | | | ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠳ᠋ᠧᠩ ᠰᠢᠶᠤᠤ ᠫᠢᠩ ᠨᠥᠬᠦᠷ ᠤᠨ ᠮᠡᠨᠳᠦᠯᠡᠭᠰᠡᠨ 120 ᠵᠢᠯ ᠤᠨ ᠣᠶ ᠶᠢ ᠳᠤᠷᠠᠰᠬᠠᠬᠤ ᠶᠠᠷᠢᠯᠴᠠᠭᠠᠨ ᠤ | ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠮᠠᠷᠺᠰ ᠤᠨ ᠦᠵᠡᠯ ᠤᠨ ᠳᠤᠮᠳᠠᠳᠤ ᠤᠯᠤᠰᠴᠢᠯᠠᠭᠰᠠᠨ | ᠴᠠᠭ ᠦᠶᠡᠴᠢᠯᠡᠭᠰᠡᠨ ᠬᠠᠮᠤᠭ ᠤᠨ ᠰᠢᠨ᠎ᠡ ᠦᠷ᠎ᠡ ᠪᠦᠲᠦᠭᠡᠯ ᠢᠶᠠᠷ ᠦᠢᠯᠡᠳᠦᠯᠭᠡ ᠶᠢ ᠡᠷᠡᠰ ᠰᠢᠭᠤᠷᠬᠠᠶ ᠵᠢᠯᠣᠭᠤᠳᠴᠤ᠂ ᠳ᠋ᠧᠩ ᠰᠢᠶᠤᠤ ᠫᠢᠩ ᠨᠥᠬᠦᠷ ᠢ | ᠮᠥᠷᠥᠭᠡᠳᠦᠨ ᠪᠢᠰᠢᠷᠡᠬᠦ ᠰᠡᠳᠬᠢᠯᠭᠡ ᠪᠠᠨ ᠠᠵᠢᠯ ᠬᠢᠵᠦ ᠦᠢᠯᠡᠰ ᠪᠤᠰᠬᠠᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢᠶᠠᠷ ᠡᠷᠡᠰ ᠭᠤᠶᠢᠪᠢᠰᠢ ᠥᠬᠡᠶ ᠦᠷᠭᠦᠯᠵᠢᠯᠡᠨ ᠲᠡᠮᠡᠴᠡᠵᠦ᠂ ᠣᠷᠣᠨ ᠰᠠᠭᠤᠴᠠ ᠪᠠ ᠬᠤᠳᠠ ᠬᠦᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠶ ᠃ ᠥᠭᠡᠷᠡᠴᠢᠯᠡᠯᠲᠡ | ᠨᠡᠭᠡᠭᠡᠯᠲᠡ ᠶᠢᠨ ᠶᠡᠭᠡ ᠲᠤᠭ ᠢ ᠢᠮᠠᠭᠲᠠ ᠥᠨᠳᠥᠷ ᠮᠠᠨᠳᠤᠭᠤᠯᠵᠤ᠂ ᠬᠥᠭᠵᠢᠯᠲᠡ ᠶᠢ ᠰᠦᠪᠡᠭᠴᠢᠯᠡᠵᠦ᠂ ᠥᠭᠡᠷᠡᠴᠢᠯᠡᠯᠲᠡ ᠶᠢ ᠠᠬᠢᠭᠤᠯᠬᠤ ᠶᠢ ᠪᠠᠷᠢᠮᠲᠠᠯᠠᠵᠤ᠂ | ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠠᠷᠰᠢᠯᠠᠵᠤ ᠪᠠᠶᠢᠭ᠎ᠠ ᠠᠰᠠᠭᠤᠳᠠᠯ ᠢ ᠦᠨᠳᠦᠰᠦ ᠠᠴᠠ ᠨᠢ | ᠵᠠᠰᠠᠬᠤ ᠠᠷᠭ᠎ᠠ ᠪᠤᠳᠤᠯᠭ᠎ᠠ ᠶᠢ ᠲᠦᠷᠭᠡᠨ ᠰᠦᠪᠡᠭᠴᠢᠯᠡᠵᠦ᠂ ᠥᠭᠡᠷᠡᠴᠢᠯᠡᠯᠲᠡ ᠨᠡᠭᠡᠭᠡᠯᠳᠡ ᠶᠢᠨ ᠦᠷ᠎ᠡ ᠪᠦᠳᠦᠮᠵᠢ ᠪᠠᠷ ᠬᠦᠴᠦᠷᠬᠡᠭ ᠶᠡᠭᠡ ᠦᠨᠡᠨ ᠶᠣᠰᠣᠨ ᠤ | ᠬᠦᠴᠦᠨ ᠢ ᠢᠯᠡᠷᠡᠭᠦᠯᠬᠦ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯᠳᠡ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ | ᠪᠠᠲᠤᠯᠠᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠲᠤᠯᠠᠭᠠᠯᠭ᠎ᠠ ᠶᠢᠨ ᠢᠨᠵᠧᠨᠧᠷᠢᠩ᠂ ᠪᠠᠳᠤᠯᠠᠭᠠᠳᠤ ᠲᠤᠰᠢᠶᠠᠬᠤ ᠠᠰᠠᠷ᠂ ᠪᠠᠳᠤᠯᠠᠭᠠᠳᠤ ᠲᠤᠰᠢᠶᠠᠬᠤ ᠭᠡᠷ ᠪᠠᠶᠢᠰᠢᠩ | ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠵᠡᠷᠭᠡ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠲᠦᠷᠭᠡᠨ ᠠᠬᠢᠭᠤᠯᠵᠤ᠂ | ︽ᠠᠷᠠᠳ ᠤᠨ ᠠᠮᠢᠳᠤᠷᠠᠯ ᠤᠨ ᠬᠠᠷᠢᠭᠤᠯᠲᠠ ᠶᠢᠨ ᠬᠠᠭᠤᠳᠠᠰᠤ︾ ᠶᠢ ᠬᠠᠨᠤᠮᠵᠢᠳᠠᠢ ᠲᠤᠰᠢᠶᠠᠬᠤ ᠪᠠᠷ ᠴᠢᠷᠮᠠᠶᠢᠬᠤ ᠬᠡᠷᠡᠭᠲᠡᠢ᠃ ᠪᠥᠬᠦ ᠤᠷᠤᠨ ᠨᠢᠭᠡᠨᠲᠡ | ᠵᠠᠯᠭᠠᠭ᠎ᠠ ᠪᠠᠷ ᠳᠤᠯᠠᠭᠠᠯᠠᠭ᠎ᠠ ᠶᠢᠨ ᠤᠯᠠᠷᠢᠯ ᠳᠤ ᠣᠷᠣᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠦᠷᠭᠡᠨ ᠭᠦᠢᠴᠡᠳᠭᠡᠬᠦ ᠶᠢ ᠴᠢᠩᠭ᠎ᠠ ᠠᠩᠬᠠᠷᠴᠤ᠂ ᠬᠥᠮᠦᠨ ᠤ | ᠬᠦᠴᠦᠨ ᠪᠣᠳᠠᠰ ᠤᠨ ᠬᠦᠴᠦᠨ ᠡᠳ᠋ ᠤᠨ ᠬᠦᠴᠦᠨ ᠢ ᠨᠢᠭᠡᠳᠦᠯᠲᠡᠶ ᠲᠥᠯᠥᠪᠵᠢᠭᠦᠯᠵᠦ᠂ ᠪᠥᠬᠦ ᠬᠦᠴᠦᠨ ᠢᠶᠠᠷ ᠢᠶᠠᠨ ᠴᠠᠭ ᠢ ᠠᠮᠵᠢᠨ᠂ ᠠᠬᠢᠴᠠ ᠶᠢ ᠠᠮᠵᠢᠨ | ᠤᠷᠤᠭᠰᠢᠯᠠᠵᠤ᠂ ᠪᠠᠷᠢᠯᠭ᠎ᠠ ᠶᠢᠨ ᠠᠵᠢᠯ ᠤᠨ ᠵᠣᠬᠢᠶᠠᠨ ᠪᠠᠶᠢᠭᠤᠯᠤᠯᠲᠠ ᠶᠢ ᠴᠢᠩᠭᠠᠳᠬᠠᠵᠤ᠂ ᠲᠥᠷᠥᠯ ᠵᠦᠢᠯ ᠤᠨ ᠠᠬᠢᠴᠠ ᠶᠢ ᠲᠦᠷᠭᠡᠳᠬᠡᠵᠦ᠂ ︽ | ᠲᠤᠯᠠᠭᠠᠯᠭ᠎ᠠ ᠶᠢᠨ ᠢᠨᠵᠧᠨᠧᠷᠢᠩ︾ ᠤᠨ ᠪᠣᠭᠤᠮᠲᠠ ᠰᠢᠪᠲᠤᠯᠬᠤ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ ᠢᠯᠠᠯᠲᠠ ᠤᠯᠬᠤ ᠬᠡᠷᠡᠭᠲᠡᠶ ᠭᠡᠵᠦ ᠴᠢᠬᠤᠯᠠᠴᠢᠯᠠᠪᠠ ᠃ | ᠬᠤᠷᠠᠯ ᠠᠴᠠ᠂ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ | ᠨᠠᠮ ᠤᠨ ᠲᠥᠪ ᠬᠤᠷᠢᠶᠠᠨ ᠤ ᠰᠢᠨ᠎ᠡ ᠴᠠᠭ ᠦᠶ᠎ᠡ ᠶᠢᠨ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠬᠤ ᠶᠢᠨ ᠤᠯᠤᠰ ᠲᠦᠷᠦ ᠶᠢᠨ ᠠᠴᠢ | ᠬᠤᠯᠪᠣᠭᠳᠠᠯ᠂ ᠪᠠᠶᠢᠯᠳᠤᠬᠤ ᠪᠤᠳᠤᠯᠭ᠎ᠠ ᠶᠢᠨ ᠵᠣᠷᠢᠯᠲᠠ ᠪᠣᠯᠤᠨ ᠠᠯᠤᠰ ᠬᠡᠳᠤ ᠶᠢᠨ ᠪᠣᠳᠣᠯᠬᠢᠯᠠᠯ ᠢ ᠭᠦᠨᠵᠡᠭᠡᠢ ᠡᠵᠡᠮᠳᠡᠵᠦ᠂ ᠤᠯᠤᠰ ᠤᠨ ᠣᠷᠣᠨ ᠪᠦᠰᠡ ᠶᠢᠨ | ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠪᠠ ᠠᠭᠤᠰᠤᠯᠴᠠᠵᠤ᠂ ︽ᠬᠤᠶᠠᠷ ᠶᠡᠭᠡ ᠶᠠᠪᠤᠳᠠᠯ︾ ᠢ ᠢᠮᠠᠭᠲᠠ ᠰᠠᠶᠢᠲᠤᠷ | ᠬᠢᠵᠦ᠂ ᠪᠣᠳᠠᠲᠠᠢ ᠠᠵᠢᠯᠯᠠᠵᠤ ᠪᠣᠳᠠᠲᠤ ᠠᠮᠵᠢᠯᠲᠠ ᠪᠠᠷ ᠲᠠᠩᠰᠠ ᠮᠡᠳᠡᠭᠦᠯᠵᠦ ᠰᠢᠯᠭᠠᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ᠃ ᠲᠦᠷᠦ ᠶᠢᠨ ᠪᠤᠳᠤᠯᠭ᠎ᠠ ᠶᠢᠨ | ᠨᠠᠶᠢᠳᠠᠪᠤᠷᠢᠵᠢᠭᠤᠯᠤᠯᠲᠠ ᠶᠢ ᠭᠦᠨᠵᠡᠭᠡᠶᠢᠷᠡᠭᠦᠯᠵᠦ᠂ ︽ᠬᠤᠶᠠᠷ ᠢ ᠴᠢᠬᠤᠯᠠᠴᠢᠯᠠᠬᠤ︾᠂ ︽ᠬᠤᠶᠠᠷ ᠰᠢᠨ᠎ᠡ︾ ᠵᠡᠷᠭᠡ ᠲᠦᠷᠦ ᠶᠢᠨ ᠪᠤᠳᠤᠯᠭ᠎ᠠ ᠶᠢ ᠭᠦᠢᠴᠡᠳ | ᠰᠠᠶᠢᠲᠤᠷ ᠬᠡᠷᠡᠭᠯᠡᠵᠦ᠂ ᠡᠭᠦᠷᠭᠡ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠠᠵᠤ ᠦᠢᠯᠡᠰ ᠤᠨ ᠰᠢᠨ᠎ᠡ ᠬᠥᠳᠡᠯᠭᠡᠬᠦ ᠬᠦᠴᠦᠨ ᠰᠢᠨ᠎ᠡ ᠳᠠᠪᠠᠭᠤᠯᠢᠭ ᠢ ᠬᠦᠴᠦᠯᠡᠨ ᠪᠤᠢ | ᠪᠣᠯᠭᠠᠵᠤ᠂ ᠤᠯᠤᠰ ᠤᠨ ᠲᠦᠷᠦ ᠶᠢᠨ ᠪᠤᠳᠤᠯᠭ᠎ᠠ ᠶᠢᠨ ᠠᠰᠢᠭ ᠢ ︽ᠬᠦᠯᠢᠶᠡᠨ ᠠᠪᠴᠤ᠂ ᠨᠠᠶᠢᠳᠠᠪᠤᠷᠢᠵᠢᠭᠤᠯᠤᠯᠲᠠ ᠲᠦᠷᠭᠡᠳᠭᠡᠨ᠂ ᠡᠷᠲᠡᠬᠡᠨ ᠦᠷ᠎ᠡ ᠪᠦᠲᠦᠮᠵᠢ | ᠭᠠᠷᠭᠠᠬᠤ︾ ᠶᠢ ᠪᠠᠲᠤᠯᠠᠬᠤ ᠬᠡᠷᠡᠭᠲᠡᠢ᠃ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ | ︽ᠠᠵᠤ ᠦᠢᠯᠡᠰ ᠢ ᠲᠠᠰ ᠳᠡᠪᠰᠢᠭᠦᠯᠬᠦ ᠪᠠᠶᠢᠯᠳᠤᠬᠤ ᠪᠣᠳᠣᠯᠭ᠎ᠠ︾ ᠶᠢ ᠭᠦᠨᠵᠡᠭᠡᠶ ᠬᠡᠷᠡᠭᠵᠢᠭᠦᠯᠵᠦ᠂ ᠪᠠᠷᠢᠯᠭ᠎ᠠ ᠶᠢᠨ ᠦᠢᠯᠡᠰ ᠤᠨ ᠳᠠᠬᠢᠨ ᠢᠶᠠᠷ ᠨᠡᠮᠡᠭᠳᠡᠭᠦᠯᠬᠦ | ᠠᠵᠢᠯᠯᠠᠭᠠᠨ ᠤ ᠲᠥᠯᠥᠪᠯᠡᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠠᠷᠢᠯᠭ᠎ᠠ ᠶᠢᠨ ᠠᠵᠤ ᠦᠢᠯᠡᠰ ᠤᠨ ᠬᠡᠯᠬᠢᠶ᠎ᠡ᠂ ᠰᠢᠨ᠎ᠡ ᠶᠢ ᠡᠭᠦᠳᠬᠦ ᠬᠡᠯᠬᠢᠶ᠎ᠡ᠂ | ᠴᠢᠳᠠᠪᠤᠷᠢᠲᠠᠨ ᠤ ᠬᠡᠯᠬᠢᠶ᠎ᠡ᠂ ᠲᠥᠷᠥ ᠶᠢᠨ ᠪᠣᠳᠣᠯᠭ᠎ᠠ ᠶᠢᠨ ᠬᠡᠯᠬᠢᠶ᠎ᠡ᠂ ᠪᠠᠯᠠ ᠮᠥᠩᠭᠦᠨ ᠤ ᠬᠡᠯᠬᠢᠶ᠎ᠡ ᠶᠢᠨ ᠭᠦᠨᠵᠡᠭᠡᠶ ᠠᠭᠤᠰᠤᠯᠴᠠᠯ ᠢ ᠠᠬᠢᠭᠤᠯᠵᠤ᠂ ᠪᠠᠷᠢᠯᠭ᠎ᠠ ᠶᠢᠨ | ᠠᠵᠤ ᠦᠢᠯᠡᠳᠪᠦᠷᠢᠵᠢᠯᠲᠡ᠂ ᠲᠣᠭᠠᠴᠢᠯᠠᠯᠲᠠ᠂ ᠪᠣᠬᠢᠷᠲᠤᠯ ᠥᠬᠡᠶ ᠪᠠᠷ ᠬᠡᠯᠪᠡᠷᠢ ᠬᠤᠪᠢᠷᠠᠭᠤᠯᠬᠤ ᠶᠢ ᠲᠦᠷᠭᠡᠳᠬᠡᠬᠦ ᠬᠡᠷᠡᠭᠲᠡᠶ᠃ ᠬᠤᠳᠠ ᠬᠥᠳᠡᠭᠡ ᠶᠢᠨ ᠪᠣᠬᠢᠷᠲᠤᠯ | ᠦᠭᠡᠢ ᠪᠠᠭ᠎ᠠ ᠨᠡᠭᠦᠷᠡᠰᠦᠲᠥ᠋ᠷᠥᠭᠴᠢᠳᠤ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠲᠥᠪ ᠤᠨ ︽ᠬᠤᠣᠰ ᠨᠡᠭᠦᠷᠡᠰᠦᠲᠥ᠋ᠷᠥᠭᠴᠢ︾ ᠶᠢᠨ | ᠪᠠᠶᠢᠯᠳᠤᠬᠤ ᠪᠤᠳᠤᠯᠭ᠎ᠠ ᠶᠢᠨ ᠬᠠᠷᠠᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ | ᠲᠦᠪᠰᠢᠨ ᠤ ᠬᠠᠯᠬᠠᠪᠴᠢ ᠶᠢ ᠡᠷᠡᠰ ᠪᠠᠲᠤ ᠴᠣᠭᠴᠠᠯᠠᠬᠤ ᠬᠡᠷᠡᠭᠲᠡᠢ᠃ ︽ᠮᠢᠩᠭᠠᠨ ᠲᠦᠮᠡᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠡᠯ᠎ᠡ ᠵᠦᠢᠯ ᠤᠨ ᠵᠠᠰᠠᠯᠲᠠ ᠶᠢᠨ ᠲᠥᠷᠥ ᠶᠢᠨ ᠪᠣᠳᠣᠯᠭ᠎ᠠ ᠶᠢᠨ ᠲᠣᠭᠲᠠᠴᠠ ᠳᠤ ᠰᠢᠨ᠎ᠡ ᠶᠢ ᠡᠭᠦᠳᠴᠦ᠂ ᠬᠤᠲᠠ ᠶᠢᠨ | ᠰᠢᠨᠡᠴᠢᠯᠡᠯᠳᠡ ᠶᠢᠨ ᠠᠵᠢᠯᠯᠠᠭ᠎ᠠ᠂ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠬᠤᠲᠠ ᠬᠥᠳᠡᠭᠡ ᠶᠢ | ᠠᠭᠤᠰᠤᠯᠴᠠᠭᠤᠯᠤᠨ ᠬᠥᠭᠵᠢᠭᠦᠯᠬᠦ ᠰᠢᠨ᠎ᠡ ᠪᠠᠶᠢᠷᠢᠰᠢᠯ ᠢ ᠪᠠᠶᠢᠭᠤᠯᠬᠤ ᠬᠡᠷᠡᠭᠲᠡᠶ᠃ ᠭᠠᠵᠠᠷ ᠳᠣᠣᠷᠠᠬᠢ ᠶᠡᠷᠦᠩᠬᠡᠶᠢᠯᠡᠭᠰᠡᠨ ᠬᠤᠭᠤᠯᠠᠢ ᠲᠤᠤᠷ ᠤᠨ ᠬᠤᠩᠭᠢᠯ ᠤᠨ | ᠪᠦᠲᠦᠭᠡᠨ ᠪᠠᠶᠢᠭᠤᠯᠤᠯᠲᠠ ᠪᠣᠯᠣᠨ ᠬᠠᠭᠤᠴᠢᠨ ᠬᠤᠭᠤᠯᠠᠢ ᠲᠣᠣᠷ ᠢ ᠥᠭᠡᠷᠡᠴᠢᠯᠡᠨ ᠳᠡᠰ ᠳᠡᠪᠰᠢᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠬᠤᠲᠠ ᠶᠢᠨ | ᠠᠮᠢ ᠨᠠᠰᠤᠨ ᠤ ᠱᠤᠭᠤᠮ ᠤᠨ ᠠᠮᠤᠷ ᠲᠦᠪᠰᠢᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠣᠷᠣᠰᠢᠨ ᠰᠠᠭᠤᠬᠤ ᠳᠤ ᠲᠣᠬᠢᠷᠠᠮᠵᠢᠲᠠᠢ | ᠤᠶᠠᠨ ᠬᠠᠳᠠᠨ ᠴᠢᠨᠠᠷᠲᠠᠢ ᠣᠶᠤᠨᠲᠤ ᠬᠤᠲᠠ ᠶᠢ ᠬᠦᠴᠦᠯᠡᠨ ᠪᠠᠶᠢᠭᠤᠯᠬᠤ ᠬᠡᠷᠡᠭᠲᠡᠢ ᠭᠡᠵᠤ ᠱᠠᠭᠠᠷᠳᠠᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠵᠢᠷᠭᠤᠳᠤᠭᠠᠷ | ᠤᠳᠠᠭ᠎ᠠ ᠶᠢᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠤ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠰᠠᠶᠢᠲᠤᠷ ᠠᠳᠬᠤᠬᠤ ᠬᠡᠷᠡᠭᠲᠡᠢ᠃ ᠵᠣᠷᠢᠭᠲᠠᠢ ᠪᠠᠷ ᠰᠢᠨ᠎ᠡ ᠶᠢ ᠡᠭᠦᠳᠴᠦ᠂ ︽ᠰᠠᠨᠠᠭᠠᠴᠢᠯᠠᠭ᠎ᠠ ᠠᠴᠠ ᠪᠠᠨ | ᠦᠵᠡᠯ ᠰᠠᠨᠠᠭ᠎ᠠ ᠪᠠᠨ ᠬᠤᠪᠢᠷᠠᠭᠤᠯᠵᠤ ᠬᠤᠪᠢᠷᠠᠯᠲᠠ ᠶᠢ ᠪᠣᠳᠣᠯᠬᠢᠯᠠᠨ ᠬᠤᠪᠢᠷᠠᠯᠲᠠ ᠶᠢ ᠡᠷᠢᠯᠬᠢᠯᠡᠬᠦ︾ ᠤᠬᠠᠮᠰᠠᠷ ᠢ ᠴᠢᠩᠭᠠᠳᠬᠠᠵᠤ᠂ ᠨᠠᠮ ᠤᠨ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠨᠢᠭᠡᠨᠲᠡ ᠲᠣᠭᠲᠠᠭᠠᠭᠰᠠᠨ ᠪᠠᠶᠢᠷᠢᠯᠠᠭᠤᠯᠤᠯᠲᠠ ᠵᠢᠴᠢ ᠣᠷᠣᠨ ᠰᠠᠭᠤᠴᠠ ᠪᠠ ᠬᠤᠳᠠ | ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠶᠠᠮᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠪᠠᠶᠢᠷᠢᠯᠠᠭᠤᠯᠤᠯᠲᠠ | ᠲᠤᠬᠢᠷᠠᠭᠤᠯᠤᠯᠳᠠ ᠪᠠᠷ ᠪᠠᠷᠢᠮᠵᠢᠶᠠᠯᠠᠵᠤ᠂ ᠭᠡᠷ ᠪᠠᠶᠢᠰᠢᠩ ᠭᠠᠵᠠᠷ ᠬᠦᠷᠦᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠣᠨᠣᠪᠴᠢᠲᠠᠢ ᠪᠥᠭᠡᠳ ᠪᠣᠳᠠᠲᠠᠢ ᠨᠠᠷᠢᠯᠢᠭ | ᠡᠵᠡᠮᠳᠡᠵᠦ᠂ ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠵᠠᠰᠠᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠤᠳᠠ ᠪᠠᠯᠭᠠᠰᠤᠨ ᠤ ᠢᠯᠴᠢ | ᠬᠠᠩᠭᠠᠯᠭ᠎ᠠ ᠶᠢ ᠠᠯᠬᠤᠮ ᠠᠯᠬᠤᠮ ᠢᠶᠠᠷ ᠤᠨᠢᠨ ᠳᠡᠭᠡᠷ᠎ᠡ ᠨᠢ ᠢᠯᠴᠢ ᠬᠠᠩᠭᠠᠬᠤ᠂ ᠬᠡᠷᠡᠭᠴᠡᠭᠡ ᠶᠣᠰᠣᠭᠠᠷ ᠢᠯᠴᠢ ᠬᠠᠩᠭᠠᠬᠤ ᠰᠢᠨ᠎ᠡ ᠬᠡᠯᠪᠡᠷᠢ ᠶᠢᠨ ᠤᠶᠤᠨᠴᠢᠯᠠᠭᠰᠠᠨ | ᠢᠯᠴᠢ ᠬᠠᠩᠭᠠᠯᠭ᠎ᠠ ᠶᠢᠨ ᠵᠠᠭᠪᠤᠷ ᠲᠡᠰᠢ ᠬᠤᠪᠢᠷᠠᠭᠤᠯᠬᠤ ᠶᠢ ᠰᠦᠪᠡᠭᠴᠢᠯᠡᠵᠦ᠂ ᠬᠤᠳᠠ ᠶᠢᠨ ᠲᠡᠷᠭᠡ ᠵᠣᠭᠰᠣᠭᠠᠬᠤ ᠪᠡᠯᠡᠳᠭᠡᠮᠵᠢ ᠶᠢᠨ ᠪᠦᠳᠦᠭᠡᠨ ᠪᠠᠶᠢᠭᠤᠯᠤᠯᠲᠠ | ᠵᠡᠷᠭᠡ ᠥᠭᠡᠷᠡᠴᠢᠯᠡᠯᠲᠡ ᠶᠢᠨ ᠡᠭᠦᠷᠭᠡ ᠶᠢ ᠲᠦᠷᠭᠡᠳᠬᠡᠵᠦ᠂ ᠡᠯ᠎ᠡ ᠵᠦᠢᠯ ᠤᠨ ᠡᠭᠦᠷᠭᠡ ᠶᠢ ᠨᠢᠭᠡᠳ ᠨᠢᠭᠡ ᠪᠠᠷ ᠨᠠᠶᠢᠳᠠᠪᠤᠷᠢᠵᠢᠭᠤᠯᠵᠤ᠂ ᠶᠠᠪᠤᠳᠠᠯ ᠪᠦᠬᠦᠨ ᠳᠤ ᠦᠷ᠎ᠡ | ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠤ ᠴᠢᠬᠤᠯᠠᠴᠢᠯᠠᠪᠠ᠃ | ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠶ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠰᠠᠶᠢᠨ ᠲᠤᠷᠰᠢᠯᠭ᠎ᠠ ᠰᠠᠶᠢᠨ | ᠠᠷᠭ᠎ᠠ ᠬᠢᠳᠡᠯ ᠢ ᠳ᠋ᠦᠩᠨᠡᠨ ᠬᠡᠷᠡᠭᠯᠡᠵᠦ᠂ ᠡᠳᠦᠷ ᠲᠤᠲᠤᠮ ᠤᠨ ᠠᠮᠢᠳᠤᠷᠠᠯ ᠳᠤ ᠠᠭᠤᠰᠤᠯᠴᠠᠭᠤᠯᠬᠤ᠂ ᠪᠠᠶᠢᠩᠭᠤ ᠠᠳᠬᠤᠬᠤ ᠶᠢ ᠪᠠᠷᠢᠮᠲᠠᠯᠠᠵᠤ᠂ ᠨᠠᠮ ᠤᠨ ᠰᠠᠬᠢᠯᠭ᠎ᠠ | ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ | ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠶ᠃ ᠭᠦᠨᠵᠡᠭᠡᠢ ᠰᠤᠷᠤᠯᠴᠠᠨ ᠨᠠᠷᠢᠨ ᠣᠶᠢᠯᠠᠭᠠᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠶᠡᠷᠦᠩᠬᠡᠢ ᠱᠦᠵᠢ ᠰᠢ ᠶᠢᠨ | ᠫᠢᠩ ᠤᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠ ᠨᠠᠮ ᠤᠨ | ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢᠨ ᠭᠤᠣᠯ ᠵᠣᠷᠢᠯᠲᠠ ᠴᠢᠬᠤᠯᠠ ᠠᠭᠤᠯᠭ᠎ᠠ᠂ | ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠡᠵᠡᠮᠳᠡᠵᠦ᠂ ᠪᠠᠶᠢᠩᠭᠤᠵᠢᠬᠰᠠᠨ ᠰᠤᠷᠤᠯᠴᠠᠯᠭ᠎ᠠ᠂ ᠲᠤᠭᠤᠷᠢᠨ ᠪᠠᠶᠢᠴᠠᠭᠠᠬᠤ᠂ ᠰᠡᠷᠡᠮᠵᠢᠯᠡᠭᠦᠯᠬᠦ᠂ ᠪᠤᠯᠪᠠᠰᠤᠷᠠᠯ ᠤᠨ | ᠲᠣᠭᠲᠠᠴᠠ ᠶᠢ ᠴᠢᠨᠠᠭᠰᠢᠳᠠ ᠲᠡᠭᠦᠯᠳᠡᠷᠵᠢᠭᠦᠯᠵᠦ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢᠨ ᠪᠠᠶᠢᠩᠭᠤ ᠶᠢᠨ ᠤᠷᠳᠤ ᠬᠤᠭᠤᠴᠠᠭᠠᠨ ᠤ ᠪᠦᠲᠦᠮᠵᠢᠲᠡᠢ ᠪᠠᠶᠢᠬᠤ ᠶᠢ | ᠠᠬᠢᠭᠤᠯᠬᠤ ᠬᠡᠷᠡᠭᠲᠡᠢ᠃ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ︽ᠳᠤᠮᠳᠠᠳᠤ ᠤᠯᠤᠰ ᠤᠨ ᠡᠪ | ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠭᠡᠯ ᠥᠭᠬᠦ ᠳᠦᠷᠢᠮ︾ ᠢᠶᠠᠷ ᠪᠠᠷᠢᠮᠵᠢᠶᠠᠯᠠᠨ ᠥᠪᠡᠷ ᠢ ᠪᠠᠨ ᠪᠠᠶᠢᠴᠠᠭᠠᠵᠤ ᠲᠥᠪ ᠭᠤᠤᠯᠴᠢ ᠪᠠᠶᠢᠬᠤ ᠶᠢ ᠱᠠᠭᠠᠷᠳᠠᠵᠤ᠂ | ᠦᠢᠯᠡ ᠠᠵᠢᠯᠯᠠᠭ᠎ᠠ ᠶᠢᠨ ᠠᠯᠳᠠᠭ᠎ᠠ ᠪᠠᠨ ᠵᠠᠯᠠᠷᠠᠭᠤᠯᠵᠤ᠂ ︽ᠵᠢᠷᠭᠤᠭᠠᠨ ᠰᠠᠬᠢᠯᠭ᠎ᠠ ᠪᠠᠲᠤ︾ ᠶᠢ ᠦᠨᠡᠨ ᠬᠦ ᠬᠥᠨᠳᠡᠵᠦ ᠪᠣᠯᠤᠰᠢ ᠦᠭᠡᠢ ︽ᠥᠨᠳᠥᠷ ᠬᠦᠴᠦᠳᠡᠯᠲᠦ | ᠴᠠᠬᠢᠯᠭᠠᠨ ︾ ᠪᠣᠯᠭᠠᠵᠤ᠂ ᠤᠬᠠᠮᠰᠠᠷ ᠠᠴᠠ ᠪᠠᠨ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢᠨ ᠰᠢᠳᠤᠷᠭᠤ ᠡᠷᠬᠢᠮᠯᠡᠭᠴᠢ᠂ ᠵᠢᠱᠢᠶᠡᠴᠢ | ᠦᠢᠯᠡᠳᠦᠯᠭᠡᠵᠢᠭᠦᠯᠦᠭᠴᠢ᠂ ᠡᠷᠡᠰ ᠪᠠᠲᠤ ᠬᠠᠮᠠᠭᠠᠯᠠᠭᠴᠢ ᠪᠣᠯᠬᠤ ᠬᠡᠷᠡᠭᠲᠡᠢ᠃ ᠤᠬᠠᠮᠰᠠᠷ ᠠᠴᠠ ᠪᠠᠨ ᠬᠠᠮᠤᠭ ᠤᠨ ᠴᠢᠩᠭ᠎ᠠ ᠬᠢᠵᠠᠭᠠᠷᠯᠠᠯ ᠪᠠ ᠬᠢᠨᠠᠯᠲᠠ ᠶᠢ ᠬᠦᠯᠢᠶᠡᠵᠦ᠂ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠲᠦᠷᠦᠭᠦᠯᠡᠨ ᠨᠠᠶᠢᠳᠠᠪᠤᠷᠢᠵᠢᠭᠤᠯᠵᠤ᠂ ᠨᠠᠮ ᠤᠨ ᠰᠢᠯᠢᠳᠡᠭ ᠤᠯᠠᠮᠵᠢᠯᠠᠯ ᠪᠠ ᠰᠤᠷᠲᠠᠯ ᠢ ᠶᠡᠭᠡ ᠪᠠᠷ | ᠪᠠᠳᠠᠷᠠᠭᠤᠯᠵᠤ᠂ ᠢᠮᠠᠭᠲᠠ ᠥᠪᠡᠷ ᠢ ᠪᠠᠨ ᠦᠨᠡᠨᠴᠢ ᠰᠢᠳᠤᠷᠭᠤ᠂ ᠲᠦᠪ ᠴᠢᠩᠭ᠎ᠠ᠂ ᠠᠷᠢᠭᠤᠨ ᠴᠢᠬᠡᠴᠢ ᠪᠠᠶᠢᠬᠤ ᠶᠢ ᠪᠡᠶᠡᠯᠡᠭᠦᠯᠬᠦ ᠬᠡᠷᠡᠭᠲᠡᠢ ᠭᠡᠵᠤ ᠱᠠᠭᠠᠷᠳᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |