ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/7
    9 ᠳ᠋ᠦ᠋ᠭᠡᠷ ᠰᠠᠷ᠎ᠠ ᠶᠢᠨ 5 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠬᠤᠷᠠᠯ ᠪᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠪᠠ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠦᠸᠧ ᠢᠦᠶ ᠹᠧᠩ ᠬᠤᠷᠠᠯ ᠢ ᠡᠷᠭᠢᠯᠡᠪᠡ᠃
W020240906332967165210.jpg
    ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠳ᠋ᠧᠩ ᠰᠢᠶᠤᠤ ᠫᠢᠩ ᠨᠥᠬᠦᠷ ᠤᠨ ᠮᠡᠨᠳᠦᠯᠡᠭᠰᠡᠨ 120 ᠵᠢᠯ ᠤᠨ ᠣᠶ ᠶᠢ ᠳᠤᠷᠠᠰᠬᠠᠬᠤ ᠶᠠᠷᠢᠯᠴᠠᠭᠠᠨ ᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠮᠠᠷᠺᠰ ᠤᠨ ᠦᠵᠡᠯ ᠤᠨ ᠳᠤᠮᠳᠠᠳᠤ ᠤᠯᠤᠰᠴᠢᠯᠠᠭᠰᠠᠨ ᠴᠠᠭ ᠦᠶᠡᠴᠢᠯᠡᠭᠰᠡᠨ ᠬᠠᠮᠤᠭ ᠤᠨ ᠰᠢᠨ᠎ᠡ ᠦᠷ᠎ᠡ ᠪᠦᠲᠦᠭᠡᠯ ᠢᠶᠠᠷ ᠦᠢᠯᠡᠳᠦᠯᠭᠡ ᠶᠢ ᠡᠷᠡᠰ ᠰᠢᠭᠤᠷᠬᠠᠶ ᠵᠢᠯᠣᠭᠤᠳᠴᠤ᠂ ᠳ᠋ᠧᠩ ᠰᠢᠶᠤᠤ ᠫᠢᠩ ᠨᠥᠬᠦᠷ ᠢ ᠮᠥᠷᠥᠭᠡᠳᠦᠨ ᠪᠢᠰᠢᠷᠡᠬᠦ ᠰᠡᠳᠬᠢᠯᠭᠡ ᠪᠠᠨ ᠠᠵᠢᠯ ᠬᠢᠵᠦ ᠦᠢᠯᠡᠰ ᠪᠤᠰᠬᠠᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢᠶᠠᠷ ᠡᠷᠡᠰ ᠭᠤᠶᠢᠪᠢᠰᠢ ᠥᠬᠡᠶ ᠦᠷᠭᠦᠯᠵᠢᠯᠡᠨ ᠲᠡᠮᠡᠴᠡᠵᠦ᠂ ᠣᠷᠣᠨ ᠰᠠᠭᠤᠴᠠ ᠪᠠ ᠬᠤᠳᠠ ᠬᠦᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠶ ᠃ ᠥᠭᠡᠷᠡᠴᠢᠯᠡᠯᠲᠡ ᠨᠡᠭᠡᠭᠡᠯᠲᠡ ᠶᠢᠨ ᠶᠡᠭᠡ ᠲᠤᠭ ᠢ ᠢᠮᠠᠭᠲᠠ ᠥᠨᠳᠥᠷ ᠮᠠᠨᠳᠤᠭᠤᠯᠵᠤ᠂ ᠬᠥᠭᠵᠢᠯᠲᠡ ᠶᠢ ᠰᠦᠪᠡᠭᠴᠢᠯᠡᠵᠦ᠂ ᠥᠭᠡᠷᠡᠴᠢᠯᠡᠯᠲᠡ ᠶᠢ ᠠᠬᠢᠭᠤᠯᠬᠤ ᠶᠢ ᠪᠠᠷᠢᠮᠲᠠᠯᠠᠵᠤ᠂ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠠᠷᠰᠢᠯᠠᠵᠤ ᠪᠠᠶᠢᠭ᠎ᠠ ᠠᠰᠠᠭᠤᠳᠠᠯ ᠢ ᠦᠨᠳᠦᠰᠦ ᠠᠴᠠ ᠨᠢ ᠵᠠᠰᠠᠬᠤ ᠠᠷᠭ᠎ᠠ ᠪᠤᠳᠤᠯᠭ᠎ᠠ ᠶᠢ ᠲᠦᠷᠭᠡᠨ ᠰᠦᠪᠡᠭᠴᠢᠯᠡᠵᠦ᠂ ᠥᠭᠡᠷᠡᠴᠢᠯᠡᠯᠲᠡ ᠨᠡᠭᠡᠭᠡᠯᠳᠡ ᠶᠢᠨ ᠦᠷ᠎ᠡ ᠪᠦᠳᠦᠮᠵᠢ ᠪᠠᠷ ᠬᠦᠴᠦᠷᠬᠡᠭ ᠶᠡᠭᠡ ᠦᠨᠡᠨ ᠶᠣᠰᠣᠨ ᠤ ᠬᠦᠴᠦᠨ ᠢ ᠢᠯᠡᠷᠡᠭᠦᠯᠬᠦ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯᠳᠡ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠲᠤᠯᠠᠭᠠᠯᠭ᠎ᠠ ᠶᠢᠨ ᠢᠨᠵᠧᠨᠧᠷᠢᠩ᠂ ᠪᠠᠳᠤᠯᠠᠭᠠᠳᠤ ᠲᠤᠰᠢᠶᠠᠬᠤ ᠠᠰᠠᠷ᠂ ᠪᠠᠳᠤᠯᠠᠭᠠᠳᠤ ᠲᠤᠰᠢᠶᠠᠬᠤ ᠭᠡᠷ ᠪᠠᠶᠢᠰᠢᠩ ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠵᠡᠷᠭᠡ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠲᠦᠷᠭᠡᠨ ᠠᠬᠢᠭᠤᠯᠵᠤ᠂ ︽ᠠᠷᠠᠳ ᠤᠨ ᠠᠮᠢᠳᠤᠷᠠᠯ ᠤᠨ ᠬᠠᠷᠢᠭᠤᠯᠲᠠ ᠶᠢᠨ ᠬᠠᠭᠤᠳᠠᠰᠤ︾ ᠶᠢ ᠬᠠᠨᠤᠮᠵᠢᠳᠠᠢ ᠲᠤᠰᠢᠶᠠᠬᠤ ᠪᠠᠷ ᠴᠢᠷᠮᠠᠶᠢᠬᠤ ᠬᠡᠷᠡᠭᠲᠡᠢ᠃ ᠪᠥᠬᠦ ᠤᠷᠤᠨ ᠨᠢᠭᠡᠨᠲᠡ ᠵᠠᠯᠭᠠᠭ᠎ᠠ ᠪᠠᠷ ᠳᠤᠯᠠᠭᠠᠯᠠᠭ᠎ᠠ ᠶᠢᠨ ᠤᠯᠠᠷᠢᠯ ᠳᠤ ᠣᠷᠣᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠦᠷᠭᠡᠨ ᠭᠦᠢᠴᠡᠳᠭᠡᠬᠦ ᠶᠢ ᠴᠢᠩᠭ᠎ᠠ ᠠᠩᠬᠠᠷᠴᠤ᠂ ᠬᠥᠮᠦᠨ ᠤ ᠬᠦᠴᠦᠨ ᠪᠣᠳᠠᠰ ᠤᠨ ᠬᠦᠴᠦᠨ ᠡᠳ᠋ ᠤᠨ ᠬᠦᠴᠦᠨ ᠢ ᠨᠢᠭᠡᠳᠦᠯᠲᠡᠶ ᠲᠥᠯᠥᠪᠵᠢᠭᠦᠯᠵᠦ᠂ ᠪᠥᠬᠦ ᠬᠦᠴᠦᠨ ᠢᠶᠠᠷ ᠢᠶᠠᠨ ᠴᠠᠭ ᠢ ᠠᠮᠵᠢᠨ᠂ ᠠᠬᠢᠴᠠ ᠶᠢ ᠠᠮᠵᠢᠨ ᠤᠷᠤᠭᠰᠢᠯᠠᠵᠤ᠂ ᠪᠠᠷᠢᠯᠭ᠎ᠠ ᠶᠢᠨ ᠠᠵᠢᠯ ᠤᠨ ᠵᠣᠬᠢᠶᠠᠨ ᠪᠠᠶᠢᠭᠤᠯᠤᠯᠲᠠ ᠶᠢ ᠴᠢᠩᠭᠠᠳᠬᠠᠵᠤ᠂ ᠲᠥᠷᠥᠯ ᠵᠦᠢᠯ ᠤᠨ ᠠᠬᠢᠴᠠ ᠶᠢ ᠲᠦᠷᠭᠡᠳᠬᠡᠵᠦ᠂ ︽ᠲᠤᠯᠠᠭᠠᠯᠭ᠎ᠠ ᠶᠢᠨ ᠢᠨᠵᠧᠨᠧᠷᠢᠩ︾ ᠤᠨ ᠪᠣᠭᠤᠮᠲᠠ ᠰᠢᠪᠲᠤᠯᠬᠤ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ ᠢᠯᠠᠯᠲᠠ ᠤᠯᠬᠤ ᠬᠡᠷᠡᠭᠲᠡᠶ ᠭᠡᠵᠦ ᠴᠢᠬᠤᠯᠠᠴᠢᠯᠠᠪᠠ ᠃    ᠬᠤᠷᠠᠯ ᠠᠴᠠ᠂ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶᠠᠨ ᠤ ᠰᠢᠨ᠎ᠡ ᠴᠠᠭ ᠦᠶ᠎ᠡ ᠶᠢᠨ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠬᠤ ᠶᠢᠨ ᠤᠯᠤᠰ ᠲᠦᠷᠦ ᠶᠢᠨ ᠠᠴᠢ ᠬᠤᠯᠪᠣᠭᠳᠠᠯ᠂ ᠪᠠᠶᠢᠯᠳᠤᠬᠤ ᠪᠤᠳᠤᠯᠭ᠎ᠠ ᠶᠢᠨ ᠵᠣᠷᠢᠯᠲᠠ ᠪᠣᠯᠤᠨ ᠠᠯᠤᠰ ᠬᠡᠳᠤ ᠶᠢᠨ ᠪᠣᠳᠣᠯᠬᠢᠯᠠᠯ ᠢ ᠭᠦᠨᠵᠡᠭᠡᠢ ᠡᠵᠡᠮᠳᠡᠵᠦ᠂ ᠤᠯᠤᠰ ᠤᠨ ᠣᠷᠣᠨ ᠪᠦᠰᠡ ᠶᠢᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠪᠠ ᠠᠭᠤᠰᠤᠯᠴᠠᠵᠤ᠂ ︽ᠬᠤᠶᠠᠷ ᠶᠡᠭᠡ ᠶᠠᠪᠤᠳᠠᠯ︾ ᠢ ᠢᠮᠠᠭᠲᠠ ᠰᠠᠶᠢᠲᠤᠷ ᠬᠢᠵᠦ᠂ ᠪᠣᠳᠠᠲᠠᠢ ᠠᠵᠢᠯᠯᠠᠵᠤ ᠪᠣᠳᠠᠲᠤ ᠠᠮᠵᠢᠯᠲᠠ ᠪᠠᠷ ᠲᠠᠩᠰᠠ ᠮᠡᠳᠡᠭᠦᠯᠵᠦ ᠰᠢᠯᠭᠠᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ᠃ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠭᠦᠨᠵᠡᠭᠡᠶᠢᠷᠡᠭᠦᠯᠵᠦ᠂ ︽ᠬᠤᠶᠠᠷ ᠢ ᠴᠢᠬᠤᠯᠠᠴᠢᠯᠠᠬᠤ︾᠂ ︽ᠬᠤᠶᠠᠷ ᠰᠢᠨ᠎ᠡ︾ ᠵᠡᠷᠭᠡ ᠲᠦᠷᠦ ᠶᠢᠨ ᠪᠤᠳᠤᠯᠭ᠎ᠠ ᠶᠢ ᠭᠦᠢᠴᠡᠳ ᠰᠠᠶᠢᠲᠤᠷ ᠬᠡᠷᠡᠭᠯᠡᠵᠦ᠂ ᠡᠭᠦᠷᠭᠡ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠠᠵᠤ ᠦᠢᠯᠡᠰ ᠤᠨ ᠰᠢᠨ᠎ᠡ ᠬᠥᠳᠡᠯᠭᠡᠬᠦ ᠬᠦᠴᠦᠨ ᠰᠢᠨ᠎ᠡ ᠳᠠᠪᠠᠭᠤᠯᠢᠭ ᠢ ᠬᠦᠴᠦᠯᠡᠨ ᠪᠤᠢ ᠪᠣᠯᠭᠠᠵᠤ᠂ ᠤᠯᠤᠰ ᠤᠨ ᠲᠦᠷᠦ ᠶᠢᠨ ᠪᠤᠳᠤᠯᠭ᠎ᠠ ᠶᠢᠨ ᠠᠰᠢᠭ ᠢ ︽ᠬᠦᠯᠢᠶᠡᠨ ᠠᠪᠴᠤ᠂ ᠨᠠᠶᠢᠳᠠᠪᠤᠷᠢᠵᠢᠭᠤᠯᠤᠯᠲᠠ ᠲᠦᠷᠭᠡᠳᠭᠡᠨ᠂ ᠡᠷᠲᠡᠬᠡᠨ ᠦᠷ᠎ᠡ ᠪᠦᠲᠦᠮᠵᠢ ᠭᠠᠷᠭᠠᠬᠤ︾ ᠶᠢ ᠪᠠᠲᠤᠯᠠᠬᠤ ᠬᠡᠷᠡᠭᠲᠡᠢ᠃ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ︽ᠠᠵᠤ ᠦᠢᠯᠡᠰ ᠢ ᠲᠠᠰ ᠳᠡᠪᠰᠢᠭᠦᠯᠬᠦ ᠪᠠᠶᠢᠯᠳᠤᠬᠤ ᠪᠣᠳᠣᠯᠭ᠎ᠠ︾ ᠶᠢ ᠭᠦᠨᠵᠡᠭᠡᠶ ᠬᠡᠷᠡᠭᠵᠢᠭᠦᠯᠵᠦ᠂ ᠪᠠᠷᠢᠯᠭ᠎ᠠ ᠶᠢᠨ ᠦᠢᠯᠡᠰ ᠤᠨ ᠳᠠᠬᠢᠨ ᠢᠶᠠᠷ ᠨᠡᠮᠡᠭᠳᠡᠭᠦᠯᠬᠦ ᠠᠵᠢᠯᠯᠠᠭᠠᠨ ᠤ ᠲᠥᠯᠥᠪᠯᠡᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠠᠷᠢᠯᠭ᠎ᠠ ᠶᠢᠨ ᠠᠵᠤ ᠦᠢᠯᠡᠰ ᠤᠨ ᠬᠡᠯᠬᠢᠶ᠎ᠡ᠂ ᠰᠢᠨ᠎ᠡ ᠶᠢ ᠡᠭᠦᠳᠬᠦ ᠬᠡᠯᠬᠢᠶ᠎ᠡ᠂ ᠴᠢᠳᠠᠪᠤᠷᠢᠲᠠᠨ ᠤ ᠬᠡᠯᠬᠢᠶ᠎ᠡ᠂ ᠲᠥᠷᠥ ᠶᠢᠨ ᠪᠣᠳᠣᠯᠭ᠎ᠠ ᠶᠢᠨ ᠬᠡᠯᠬᠢᠶ᠎ᠡ᠂ ᠪᠠᠯᠠ ᠮᠥᠩᠭᠦᠨ ᠤ ᠬᠡᠯᠬᠢᠶ᠎ᠡ ᠶᠢᠨ ᠭᠦᠨᠵᠡᠭᠡᠶ ᠠᠭᠤᠰᠤᠯᠴᠠᠯ ᠢ ᠠᠬᠢᠭᠤᠯᠵᠤ᠂ ᠪᠠᠷᠢᠯᠭ᠎ᠠ ᠶᠢᠨ ᠠᠵᠤ ᠦᠢᠯᠡᠳᠪᠦᠷᠢᠵᠢᠯᠲᠡ᠂ ᠲᠣᠭᠠᠴᠢᠯᠠᠯᠲᠠ᠂ ᠪᠣᠬᠢᠷᠲᠤᠯ ᠥᠬᠡᠶ ᠪᠠᠷ ᠬᠡᠯᠪᠡᠷᠢ ᠬᠤᠪᠢᠷᠠᠭᠤᠯᠬᠤ ᠶᠢ ᠲᠦᠷᠭᠡᠳᠬᠡᠬᠦ ᠬᠡᠷᠡᠭᠲᠡᠶ᠃ ᠬᠤᠳᠠ ᠬᠥᠳᠡᠭᠡ ᠶᠢᠨ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠳᠤ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠲᠥᠪ ᠤᠨ ︽ᠬᠤᠣᠰ ᠨᠡᠭᠦᠷᠡᠰᠦᠲᠥ᠋ᠷᠥᠭᠴᠢ︾ ᠶᠢᠨ ᠪᠠᠶᠢᠯᠳᠤᠬᠤ ᠪᠤᠳᠤᠯᠭ᠎ᠠ ᠶᠢᠨ ᠬᠠᠷᠠᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠡᠷᠡᠰ ᠪᠠᠲᠤ ᠴᠣᠭᠴᠠᠯᠠᠬᠤ ᠬᠡᠷᠡᠭᠲᠡᠢ᠃ ︽ᠮᠢᠩᠭᠠᠨ ᠲᠦᠮᠡᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠡᠯ᠎ᠡ ᠵᠦᠢᠯ ᠤᠨ ᠵᠠᠰᠠᠯᠲᠠ ᠶᠢᠨ ᠲᠥᠷᠥ ᠶᠢᠨ ᠪᠣᠳᠣᠯᠭ᠎ᠠ ᠶᠢᠨ ᠲᠣᠭᠲᠠᠴᠠ ᠳᠤ ᠰᠢᠨ᠎ᠡ ᠶᠢ ᠡᠭᠦᠳᠴᠦ᠂ ᠬᠤᠲᠠ ᠶᠢᠨ ᠰᠢᠨᠡᠴᠢᠯᠡᠯᠳᠡ ᠶᠢᠨ ᠠᠵᠢᠯᠯᠠᠭ᠎ᠠ᠂ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠰᠢᠨ᠎ᠡ ᠪᠠᠶᠢᠷᠢᠰᠢᠯ ᠢ ᠪᠠᠶᠢᠭᠤᠯᠬᠤ ᠬᠡᠷᠡᠭᠲᠡᠶ᠃ ᠭᠠᠵᠠᠷ ᠳᠣᠣᠷᠠᠬᠢ ᠶᠡᠷᠦᠩᠬᠡᠶᠢᠯᠡᠭᠰᠡᠨ ᠬᠤᠭᠤᠯᠠᠢ ᠲᠤᠤᠷ ᠤᠨ ᠬᠤᠩᠭᠢᠯ ᠤᠨ ᠪᠦᠲᠦᠭᠡᠨ ᠪᠠᠶᠢᠭᠤᠯᠤᠯᠲᠠ ᠪᠣᠯᠣᠨ ᠬᠠᠭᠤᠴᠢᠨ ᠬᠤᠭᠤᠯᠠᠢ ᠲᠣᠣᠷ ᠢ ᠥᠭᠡᠷᠡᠴᠢᠯᠡᠨ ᠳᠡᠰ ᠳᠡᠪᠰᠢᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠬᠤᠲᠠ ᠶᠢᠨ ᠠᠮᠢ ᠨᠠᠰᠤᠨ ᠤ ᠱᠤᠭᠤᠮ ᠤᠨ ᠠᠮᠤᠷ ᠲᠦᠪᠰᠢᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠣᠷᠣᠰᠢᠨ ᠰᠠᠭᠤᠬᠤ ᠳᠤ ᠲᠣᠬᠢᠷᠠᠮᠵᠢᠲᠠᠢ ᠤᠶᠠᠨ ᠬᠠᠳᠠᠨ ᠴᠢᠨᠠᠷᠲᠠᠢ ᠣᠶᠤᠨᠲᠤ ᠬᠤᠲᠠ ᠶᠢ ᠬᠦᠴᠦᠯᠡᠨ ᠪᠠᠶᠢᠭᠤᠯᠬᠤ ᠬᠡᠷᠡᠭᠲᠡᠢ ᠭᠡᠵᠤ ᠱᠠᠭᠠᠷᠳᠠᠪᠠ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠵᠢᠷᠭᠤᠳᠤᠭᠠᠷ ᠤᠳᠠᠭ᠎ᠠ ᠶᠢᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠤ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠰᠠᠶᠢᠲᠤᠷ ᠠᠳᠬᠤᠬᠤ ᠬᠡᠷᠡᠭᠲᠡᠢ᠃ ᠵᠣᠷᠢᠭᠲᠠᠢ ᠪᠠᠷ ᠰᠢᠨ᠎ᠡ ᠶᠢ ᠡᠭᠦᠳᠴᠦ᠂ ︽ᠰᠠᠨᠠᠭᠠᠴᠢᠯᠠᠭ᠎ᠠ ᠠᠴᠠ ᠪᠠᠨ ᠦᠵᠡᠯ ᠰᠠᠨᠠᠭ᠎ᠠ ᠪᠠᠨ ᠬᠤᠪᠢᠷᠠᠭᠤᠯᠵᠤ ᠬᠤᠪᠢᠷᠠᠯᠲᠠ ᠶᠢ ᠪᠣᠳᠣᠯᠬᠢᠯᠠᠨ ᠬᠤᠪᠢᠷᠠᠯᠲᠠ ᠶᠢ ᠡᠷᠢᠯᠬᠢᠯᠡᠬᠦ︾ ᠤᠬᠠᠮᠰᠠᠷ ᠢ ᠴᠢᠩᠭᠠᠳᠬᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠨᠢᠭᠡᠨᠲᠡ ᠲᠣᠭᠲᠠᠭᠠᠭᠰᠠᠨ ᠪᠠᠶᠢᠷᠢᠯᠠᠭᠤᠯᠤᠯᠲᠠ ᠵᠢᠴᠢ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠶᠠᠮᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠲᠤᠬᠢᠷᠠᠭᠤᠯᠤᠯᠳᠠ ᠪᠠᠷ ᠪᠠᠷᠢᠮᠵᠢᠶᠠᠯᠠᠵᠤ᠂ ᠭᠡᠷ ᠪᠠᠶᠢᠰᠢᠩ ᠭᠠᠵᠠᠷ ᠬᠦᠷᠦᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠣᠨᠣᠪᠴᠢᠲᠠᠢ ᠪᠥᠭᠡᠳ ᠪᠣᠳᠠᠲᠠᠢ ᠨᠠᠷᠢᠯᠢᠭ ᠡᠵᠡᠮᠳᠡᠵᠦ᠂ ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠵᠠᠰᠠᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠤᠳᠠ ᠪᠠᠯᠭᠠᠰᠤᠨ ᠤ ᠢᠯᠴᠢ ᠬᠠᠩᠭᠠᠯᠭ᠎ᠠ ᠶᠢ ᠠᠯᠬᠤᠮ ᠠᠯᠬᠤᠮ ᠢᠶᠠᠷ ᠤᠨᠢᠨ ᠳᠡᠭᠡᠷ᠎ᠡ ᠨᠢ ᠢᠯᠴᠢ ᠬᠠᠩᠭᠠᠬᠤ᠂ ᠬᠡᠷᠡᠭᠴᠡᠭᠡ ᠶᠣᠰᠣᠭᠠᠷ ᠢᠯᠴᠢ ᠬᠠᠩᠭᠠᠬᠤ ᠰᠢᠨ᠎ᠡ ᠬᠡᠯᠪᠡᠷᠢ ᠶᠢᠨ ᠤᠶᠤᠨᠴᠢᠯᠠᠭᠰᠠᠨ ᠢᠯᠴᠢ ᠬᠠᠩᠭᠠᠯᠭ᠎ᠠ ᠶᠢᠨ ᠵᠠᠭᠪᠤᠷ ᠲᠡᠰᠢ ᠬᠤᠪᠢᠷᠠᠭᠤᠯᠬᠤ ᠶᠢ ᠰᠦᠪᠡᠭᠴᠢᠯᠡᠵᠦ᠂ ᠬᠤᠳᠠ ᠶᠢᠨ ᠲᠡᠷᠭᠡ ᠵᠣᠭᠰᠣᠭᠠᠬᠤ ᠪᠡᠯᠡᠳᠭᠡᠮᠵᠢ ᠶᠢᠨ ᠪᠦᠳᠦᠭᠡᠨ ᠪᠠᠶᠢᠭᠤᠯᠤᠯᠲᠠ ᠵᠡᠷᠭᠡ ᠥᠭᠡᠷᠡᠴᠢᠯᠡᠯᠲᠡ ᠶᠢᠨ ᠡᠭᠦᠷᠭᠡ ᠶᠢ ᠲᠦᠷᠭᠡᠳᠬᠡᠵᠦ᠂ ᠡᠯ᠎ᠡ ᠵᠦᠢᠯ ᠤᠨ ᠡᠭᠦᠷᠭᠡ ᠶᠢ ᠨᠢᠭᠡᠳ ᠨᠢᠭᠡ ᠪᠠᠷ ᠨᠠᠶᠢᠳᠠᠪᠤᠷᠢᠵᠢᠭᠤᠯᠵᠤ᠂ ᠶᠠᠪᠤᠳᠠᠯ ᠪᠦᠬᠦᠨ ᠳᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠤ ᠴᠢᠬᠤᠯᠠᠴᠢᠯᠠᠪᠠ᠃     ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠳ᠋ᠦᠩᠨᠡᠨ ᠬᠡᠷᠡᠭᠯᠡᠵᠦ᠂ ᠡᠳᠦᠷ ᠲᠤᠲᠤᠮ ᠤᠨ ᠠᠮᠢᠳᠤᠷᠠᠯ ᠳᠤ ᠠᠭᠤᠰᠤᠯᠴᠠᠭᠤᠯᠬᠤ᠂ ᠪᠠᠶᠢᠩᠭᠤ ᠠᠳᠬᠤᠬᠤ ᠶᠢ ᠪᠠᠷᠢᠮᠲᠠᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠶ᠃ ᠭᠦᠨᠵᠡᠭᠡᠢ ᠰᠤᠷᠤᠯᠴᠠᠨ ᠨᠠᠷᠢᠨ ᠣᠶᠢᠯᠠᠭᠠᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢᠨ ᠭᠤᠣᠯ ᠵᠣᠷᠢᠯᠲᠠ ᠴᠢᠬᠤᠯᠠ ᠠᠭᠤᠯᠭ᠎ᠠ᠂ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠡᠵᠡᠮᠳᠡᠵᠦ᠂ ᠪᠠᠶᠢᠩᠭᠤᠵᠢᠬᠰᠠᠨ ᠰᠤᠷᠤᠯᠴᠠᠯᠭ᠎ᠠ᠂ ᠲᠤᠭᠤᠷᠢᠨ ᠪᠠᠶᠢᠴᠠᠭᠠᠬᠤ᠂ ᠰᠡᠷᠡᠮᠵᠢᠯᠡᠭᠦᠯᠬᠦ᠂ ᠪᠤᠯᠪᠠᠰᠤᠷᠠᠯ ᠤᠨ ᠲᠣᠭᠲᠠᠴᠠ ᠶᠢ ᠴᠢᠨᠠᠭᠰᠢᠳᠠ ᠲᠡᠭᠦᠯᠳᠡᠷᠵᠢᠭᠦᠯᠵᠦ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢᠨ ᠪᠠᠶᠢᠩᠭᠤ ᠶᠢᠨ ᠤᠷᠳᠤ ᠬᠤᠭᠤᠴᠠᠭᠠᠨ ᠤ ᠪᠦᠲᠦᠮᠵᠢᠲᠡᠢ ᠪᠠᠶᠢᠬᠤ ᠶᠢ ᠠᠬᠢᠭᠤᠯᠬᠤ ᠬᠡᠷᠡᠭᠲᠡᠢ᠃ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠭᠡᠯ ᠥᠭᠬᠦ ᠳᠦᠷᠢᠮ︾ ᠢᠶᠠᠷ ᠪᠠᠷᠢᠮᠵᠢᠶᠠᠯᠠᠨ ᠥᠪᠡᠷ ᠢ ᠪᠠᠨ ᠪᠠᠶᠢᠴᠠᠭᠠᠵᠤ ᠲᠥᠪ ᠭᠤᠤᠯᠴᠢ ᠪᠠᠶᠢᠬᠤ ᠶᠢ ᠱᠠᠭᠠᠷᠳᠠᠵᠤ᠂ ᠦᠢᠯᠡ ᠠᠵᠢᠯᠯᠠᠭ᠎ᠠ ᠶᠢᠨ ᠠᠯᠳᠠᠭ᠎ᠠ ᠪᠠᠨ ᠵᠠᠯᠠᠷᠠᠭᠤᠯᠵᠤ᠂ ︽ᠵᠢᠷᠭᠤᠭᠠᠨ ᠰᠠᠬᠢᠯᠭ᠎ᠠ ᠪᠠᠲᠤ︾ ᠶᠢ ᠦᠨᠡᠨ ᠬᠦ ᠬᠥᠨᠳᠡᠵᠦ ᠪᠣᠯᠤᠰᠢ ᠦᠭᠡᠢ ︽ᠥᠨᠳᠥᠷ ᠬᠦᠴᠦᠳᠡᠯᠲᠦ ᠴᠠᠬᠢᠯᠭᠠᠨ ︾ ᠪᠣᠯᠭᠠᠵᠤ᠂ ᠤᠬᠠᠮᠰᠠᠷ ᠠᠴᠠ ᠪᠠᠨ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢᠨ ᠰᠢᠳᠤᠷᠭᠤ ᠡᠷᠬᠢᠮᠯᠡᠭᠴᠢ᠂ ᠵᠢᠱᠢᠶᠡᠴᠢ ᠦᠢᠯᠡᠳᠦᠯᠭᠡᠵᠢᠭᠦᠯᠦᠭᠴᠢ᠂ ᠡᠷᠡᠰ ᠪᠠᠲᠤ ᠬᠠᠮᠠᠭᠠᠯᠠᠭᠴᠢ ᠪᠣᠯᠬᠤ ᠬᠡᠷᠡᠭᠲᠡᠢ᠃ ᠤᠬᠠᠮᠰᠠᠷ ᠠᠴᠠ ᠪᠠᠨ ᠬᠠᠮᠤᠭ ᠤᠨ ᠴᠢᠩᠭ᠎ᠠ ᠬᠢᠵᠠᠭᠠᠷᠯᠠᠯ ᠪᠠ ᠬᠢᠨᠠᠯᠲᠠ ᠶᠢ ᠬᠦᠯᠢᠶᠡᠵᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠲᠦᠷᠦᠭᠦᠯᠡᠨ ᠨᠠᠶᠢᠳᠠᠪᠤᠷᠢᠵᠢᠭᠤᠯᠵᠤ᠂ ᠨᠠᠮ ᠤᠨ ᠰᠢᠯᠢᠳᠡᠭ ᠤᠯᠠᠮᠵᠢᠯᠠᠯ ᠪᠠ ᠰᠤᠷᠲᠠᠯ ᠢ ᠶᠡᠭᠡ ᠪᠠᠷ ᠪᠠᠳᠠᠷᠠᠭᠤᠯᠵᠤ᠂ ᠢᠮᠠᠭᠲᠠ ᠥᠪᠡᠷ ᠢ ᠪᠠᠨ ᠦᠨᠡᠨᠴᠢ ᠰᠢᠳᠤᠷᠭᠤ᠂  ᠲᠦᠪ ᠴᠢᠩᠭ᠎ᠠ᠂ ᠠᠷᠢᠭᠤᠨ ᠴᠢᠬᠡᠴᠢ ᠪᠠᠶᠢᠬᠤ ᠶᠢ ᠪᠡᠶᠡᠯᠡᠭᠦᠯᠬᠦ ᠬᠡᠷᠡᠭᠲᠡᠢ ᠭᠡᠵᠤ ᠱᠠᠭᠠᠷᠳᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠠᠯᠪᠠᠨ ᠬᠡᠷ
Baidu
map