ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠬᠢᠷᠢ ᠬᠡᠮ ᠤᠨ ᠵᠦᠪᠳᠡᠯ
ᠨᠡᠶᠢᠲᠡᠯᠡᠭᠰᠡᠨ ᠴᠠᠭ᠄
2024/9/8
    ᠵᠠᠬᠢᠳᠠᠯ ᠰᠤᠷᠪᠤᠯᠵᠢᠯᠠᠭᠴᠢ ᠶᠢᠨ ᠨᠡᠷ᠎ᠡ᠄ ᠭᠦ᠋ ᠣᠪᠣᠭᠲᠤ    ᠵᠠᠬᠢᠳᠠᠯ ᠢᠷᠡᠭᠦᠯᠦᠭᠰᠡᠨ ᠴᠠᠭ᠄ 2024-08-27 01:56:15    ᠵᠠᠬᠢᠳᠠᠯ ᠤᠨ ᠭᠤᠣᠯ ᠰᠡᠳᠦᠪ᠄ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠬᠢᠷᠢ ᠬᠡᠮ ᠤᠨ ᠵᠦᠪᠳᠡᠯᠵᠠᠬᠢᠳᠠᠯ ᠤᠨ ᠠᠭᠤᠯᠭ᠎ᠠ᠄ ᠠᠷᠪᠠᠨ ᠬᠤᠶᠠᠳᠤᠭᠠᠷ ᠠᠰᠠᠷ ᠣᠷᠴᠢᠮ ᠤᠨ ᠥᠨᠳᠥᠷ ᠢᠶᠠᠷ ᠴᠣᠩᠬᠤ ᠤᠭᠰᠠᠷᠠᠬᠤ ᠳᠤ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠢᠷᠢ ᠬᠡᠮ ᠬᠡᠷᠡᠭᠰᠡᠬᠦ ᠤᠤ ᠦᠭᠡᠢ ᠤᠤ︖ ᠬᠡᠷᠪᠡ ᠬᠡᠷᠡᠭᠰᠡᠪᠡᠯ ᠶᠠᠮᠠᠷ ᠵᠡᠷᠭᠡ ᠳᠡᠰ ᠤᠨ ᠬᠢᠷᠢ ᠭᠡᠮ ᠢ ᠬᠡᠷᠡᠭᠰᠡᠬᠦ ᠪᠤᠢ︖     ᠬᠠᠷᠢᠭᠤᠯᠤᠭᠰᠠᠨ ᠴᠠᠭ᠄2024-09-03 09:19:34    ᠬᠠᠷᠢᠭᠤᠯᠲᠠ ᠶᠢᠨ ᠠᠭᠤᠯᠭ᠎ᠠ᠄ ᠰᠠᠶᠢᠨ ᠤᠤ᠂ ᠲᠠᠨ ᠤ ᠲᠤᠰᠭᠠᠭᠰᠠᠨ ᠠᠷᠪᠠᠨ ᠬᠤᠶᠠᠳᠤᠭᠠᠷ ᠠᠰᠠᠷ ᠣᠷᠴᠢᠮ ᠤᠨ ᠥᠨᠳᠥᠷ ᠢᠶᠠᠷ ᠴᠣᠩᠬᠤ ᠤᠭᠰᠠᠷᠠᠬᠤ ᠳᠤ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠢᠷᠢ ᠬᠡᠮ ᠬᠡᠷᠡᠭᠰᠡᠬᠦ ᠦᠭᠡᠢ ᠶᠢᠨ ᠠᠰᠠᠭᠤᠳᠠᠯ ᠢ ᠨᠢᠭᠡᠨᠲᠡ ᠣᠯᠵᠤ ᠠᠪᠤᠭᠠᠳ ᠣᠶᠢᠯᠭᠠᠭᠰᠠᠨ᠂ ᠣᠳᠣ ᠳᠣᠣᠷᠠᠬᠢ ᠮᠡᠲᠦ ᠬᠠᠷᠢᠭᠤᠯᠲᠠ ᠥᠭᠭᠦᠶ᠎ᠡ᠄ ᠲᠠᠨ ᠤ ᠬᠠᠩᠭᠠᠭᠰᠠᠨ ᠮᠡᠳᠡᠭᠡ ᠵᠠᠩᠭᠢ ᠶᠢ ᠦᠨᠳᠦᠰᠦᠯᠡᠪᠡᠯ᠂ ᠪᠠᠷᠢᠯᠭ᠎ᠠ ᠶᠢᠨ ᠲᠥᠷᠥᠯ ᠵᠦᠢᠯ ᠵᠢᠴᠢ ᠬᠡᠪᠴᠢᠶ᠎ᠡ ᠶᠢ ᠲᠣᠳᠣᠯᠠᠬᠤ ᠶᠢᠨ ᠠᠷᠭ᠎ᠠ ᠥᠬᠡᠢ᠃ ︽ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠢᠷᠢ ᠬᠡᠮ ᠤᠨ ᠪᠠᠷᠢᠮᠵᠢᠶ᠎ᠠ︾ ︵ᠪᠠᠶᠢᠭᠤᠯᠤᠯᠲᠠ ᠬᠤᠲᠠ ﹇ 2014﹈ 159 ᠳ᠋ᠤᠭᠡᠷ ᠲᠣᠭᠠᠲᠤ︶ ᠪᠠᠷ ᠯᠠᠪᠯᠠᠯᠲᠠ ᠪᠣᠯᠭᠠᠵᠤ᠂ ᠬᠢᠷᠢ ᠬᠡᠮ ᠤᠨ ᠪᠠᠷᠢᠮᠵᠢᠶ᠎ᠠ ᠶᠢᠨ ᠳᠠᠭᠠᠭᠠᠨ ᠠᠪᠬᠤ ᠬᠡᠪᠴᠢᠶ᠎ᠡ ᠪᠠᠷ ᠯᠠᠪᠯᠠᠯᠲᠠ ᠪᠣᠯᠭᠠᠵᠤ᠂ ᠪᠠᠷᠢᠯᠭ᠎ᠠ ᠶᠢᠨ ᠪᠠᠶᠢᠳᠠᠯ ᠲᠠᠢ ᠪᠠᠨ ᠬᠠᠷᠢᠴᠠᠭᠤᠯᠤᠨ ᠮᠠᠭᠠᠳᠯᠠᠨ ᠲᠣᠭᠲᠠᠭᠠᠷᠠᠢ᠃ ᠮᠠᠨ ᠤ ᠲᠢᠩᠬᠢᠮ ᠦᠢᠯᠡᠴᠢᠯᠡᠭᠡᠨ ᠤ ᠶᠠᠰᠤ ᠴᠢᠨᠠᠷ  ᠢᠶᠠᠨ ᠦᠷᠭᠦᠯᠵᠢᠯᠡᠨ ᠰᠠᠶᠢᠵᠢᠷᠠᠭᠤᠯᠤᠨ᠎ᠠ᠂ ᠲᠠᠨ ᠤ ᠬᠠᠷᠢᠯᠴᠠᠨ ᠰᠣᠯᠢᠯᠴᠠᠭ᠎ᠠ ᠬᠢᠬᠦ ᠪᠤᠯᠤᠩ ᠢ ᠠᠩᠬᠠᠷᠴᠤ ᠳᠡᠮᠵᠢᠭᠰᠡᠨ ᠳᠤ ᠲᠠᠯᠠᠷᠬᠠᠵᠤ ᠪᠠᠶᠢᠨ᠎ᠠ᠃     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠭᠠᠵᠠᠷ    2024ᠣᠨ ᠤ9 ᠳ᠋ᠦ᠋ᠭᠡᠷ ᠰᠠᠷ᠎ᠠ ᠶᠢᠨ3 ᠤ ᠡᠳᠦᠷ 
ᠢᠷᠡᠯᠲᠡ᠄ ᠲᠢᠩᠬᠢᠮ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠭᠠᠵᠠᠷ
Baidu
map