ᠭᠡᠷᠡᠯ ᠵᠢᠷᠤᠭ ᠮᠡᠳᠡᠭᠦᠯᠬᠦ ᠲᠤᠬᠠᠢ
ᠨᠡᠶᠢᠲᠡᠯᠡᠭᠰᠡᠨ ᠴᠠᠭ᠄
2024/9/8
    ᠵᠠᠬᠢᠳᠠᠯ ᠰᠤᠷᠪᠤᠯᠵᠢᠯᠠᠭᠴᠢ ᠶᠢᠨ ᠨᠡᠷ᠎ᠡ᠄ ᠰᠦᠨ ᠣᠪᠣᠭᠲᠤ    ᠵᠠᠬᠢᠳᠠᠯ ᠢᠷᠡᠭᠦᠯᠦᠭᠰᠡᠨ ᠴᠠᠭ᠄ 2024-09-05 02:07:23    ᠵᠠᠬᠢᠳᠠᠯ ᠤᠨ ᠭᠤᠣᠯ ᠰᠡᠳᠦᠪ᠄ ᠭᠡᠷᠡᠯ ᠵᠢᠷᠤᠭ ᠮᠡᠳᠡᠭᠦᠯᠬᠦ ᠲᠤᠬᠠᠢ    ᠵᠠᠬᠢᠳᠠᠯ ᠤᠨ ᠠᠭᠤᠯᠭ᠎ᠠ᠄ ᠨᠢᠭᠡᠳᠦᠭᠡᠷ ᠳᠡᠰ ᠤᠨ ᠥᠷᠳᠡᠭ ᠤᠨ ᠢᠨᠵᠧᠨᠧᠷ ᠢ ᠳᠠᠩᠰᠠᠯᠠᠭᠤᠯᠬᠤ ᠳᠤ ︽ ᠨᠢᠭᠡ ᠢᠮᠠᠬᠤ ᠭᠡᠷᠡᠯ ᠵᠢᠷᠤᠭ ᠢᠶᠠᠨ ᠬᠠᠷᠢᠶᠠᠯᠠᠭᠳᠠᠬᠤ ᠮᠤᠵᠢ ᠶᠢᠨ ᠳᠡᠰ ᠪᠤᠶᠤ ᠰᠠᠯᠠᠭ᠎ᠠ ᠮᠥᠴᠢᠷ ᠤᠨ ᠳᠠᠩᠰᠠᠯᠠᠬᠤ ᠬᠠᠮᠢᠶᠠᠷᠤᠯᠲᠠ ᠶᠢᠨ ᠪᠠᠶᠢᠭᠤᠯᠤᠮᠵᠢ ᠳᠤ ᠮᠡᠳᠡᠭᠦᠯᠦᠭᠡᠷᠡᠢ︾ ᠭᠡᠵᠦ ᠢᠯᠡᠷᠡᠳᠡᠭ᠂ ᠬᠡᠷᠬᠢᠨ ᠳᠠᠩᠰᠠᠯᠠᠭᠤᠯᠬᠤ ᠪᠣᠢ︖ ᠳᠠᠩᠰᠠᠯᠠᠭᠤᠯᠤᠭᠰᠠᠨ ᠦᠨᠡᠮᠯᠡᠯ ᠪᠠ ᠲᠠᠮᠠᠭ᠎ᠠ ᠶᠢ ᠬᠡᠷᠬᠢᠨ ᠠᠪᠬᠤ ᠪᠤᠢ︖        ᠬᠠᠷᠢᠭᠤᠯᠤᠭᠰᠠᠨ ᠴᠠᠭ᠄2024-09-05 15:11:11    ᠬᠠᠷᠢᠭᠤᠯᠲᠠ ᠶᠢᠨ ᠠᠭᠤᠯᠭ᠎ᠠ᠄ ᠰᠠᠶᠢᠨ ᠤᠤ᠂ ᠲᠠᠨ ᠤ ᠲᠤᠰᠭᠠᠭᠰᠠᠨ ᠠᠰᠠᠭᠤᠳᠠᠯ ᠢ ᠨᠢᠭᠡᠨᠲᠡ ᠣᠯᠵᠤ ᠠᠪᠤᠭᠠᠳ ᠣᠶᠢᠯᠭᠠᠭᠰᠠᠨ᠂ ᠣᠳᠣ ᠳᠣᠣᠷᠠᠬᠢ ᠮᠡᠲᠦ ᠬᠠᠷᠢᠭᠤᠯᠲᠠ ᠥᠭᠭᠦᠶ᠎ᠡ᠄ ᠠᠩᠬ᠎ᠠ ᠤᠳᠠᠭ᠎ᠠ ᠳᠠᠩᠰᠠᠯᠠᠭᠤᠯᠵᠤ ᠪᠠᠲᠤᠯᠠᠭᠳᠠᠭᠰᠠᠨ ᠤ ᠳᠠᠷᠠᠭ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠠᠯᠪᠠᠨ ᠵᠠᠷ ᠭᠠᠷᠭᠠᠨ ᠦᠨᠡᠮᠯᠡᠯ ᠣᠯᠭᠤᠭᠰᠠᠨ ᠤ ᠳᠠᠷᠠᠭ᠎ᠠ ᠪᠦᠯᠦᠭ ᠤᠳᠠᠭ᠎ᠠ ᠬᠤᠪᠢᠶᠠᠨ ᠦᠨᠡᠮᠯᠡᠯ ᠵᠣᠬᠢᠶᠠᠵᠤ ᠰᠢᠤᠳᠠᠨ ᠢᠶᠠᠷ ᠮᠠᠨ ᠤ ᠲᠢᠩᠬᠢᠮ ᠤᠨ ᠴᠣᠩᠬᠤᠨ ᠳᠤ ᠬᠦᠷᠭᠡᠨ᠎ᠡ᠂ ᠮᠠᠨ ᠤ ᠲᠢᠩᠬᠢᠮ ᠦᠨᠡᠮᠯᠡᠯ ᠢ ᠣᠯᠤᠭᠰᠠᠨ ᠤ ᠳᠠᠷᠠᠭ᠎ᠠ ᠦᠨᠡᠮᠯᠡᠯ ᠠᠪᠬᠤ ᠮᠡᠳᠡᠭᠳᠡᠯ ᠢ ᠨᠡᠶᠢᠲᠡᠯᠡᠨ᠎ᠡ᠂ ᠠᠩᠬᠠᠷᠤᠯ ᠢᠶᠠᠨ ᠬᠠᠨᠳᠤᠭᠤᠯᠤᠭᠠᠷᠠᠢ᠃ ᠬᠤᠪᠢ ᠶᠢᠨ ᠮᠡᠳᠡᠭᠡ ᠵᠠᠩᠭᠢ ᠪᠠᠨ ᠯᠠᠪᠯᠠᠨ ᠣᠯᠣᠭᠰᠠᠨ ᠤ ᠳᠠᠷᠠᠭ᠎ᠠ᠂ ᠬᠡᠷᠡᠯ ᠵᠢᠷᠤᠭ ᠵᠢᠴᠢ ᠡᠷᠬᠡ ᠣᠯᠭᠤᠭᠰᠠᠨ ᠨᠠᠶᠢᠳᠠᠯᠭ᠎ᠠ ᠶᠢᠨ ᠪᠢᠴᠢᠭ ᠢᠶᠠᠨ ᠠᠪᠴᠤ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ 12 ᠳ᠋ᠤᠭᠠᠷ ᠳᠠᠪᠬᠤᠷᠭ᠎ᠠ ᠶᠢᠨ ᠴᠣᠩᠬᠤᠪᠴᠢ ᠳᠤ ᠬᠦᠷᠴᠦ ᠠᠪᠤᠮᠠᠭᠴᠠ ᠳᠠᠷᠤᠶ ᠪᠣᠯᠴᠢᠬᠠᠨ᠎ᠠ᠃ ᠦᠨᠡᠮᠯᠡᠯ ᠠᠪᠬᠤ ᠠᠰᠠᠭᠤᠳᠠᠯ ᠢ ᠲᠠ ᠰᠢᠭᠤᠳ ᠤᠳᠠᠰᠤ ᠪᠠᠷ ᠠᠰᠠᠭᠤᠵᠤ ᠪᠤᠯᠤᠨ᠎ᠠ᠄ 0471-5332423᠃ᠮᠠᠨ ᠤ ᠲᠢᠩᠬᠢᠮ ᠦᠢᠯᠡᠴᠢᠯᠡᠭᠡᠨ ᠤ ᠶᠠᠰᠤ ᠴᠢᠨᠠᠷ  ᠢᠶᠠᠨ ᠦᠷᠭᠦᠯᠵᠢᠯᠡᠨ ᠰᠠᠶᠢᠵᠢᠷᠠᠭᠤᠯᠤᠨ᠎ᠠ᠂ ᠲᠠᠨ ᠤ ᠬᠠᠷᠢᠯᠴᠠᠨ ᠰᠣᠯᠢᠯᠴᠠᠭ᠎ᠠ ᠬᠢᠬᠦ ᠪᠤᠯᠤᠩ ᠢ ᠠᠩᠬᠠᠷᠴᠤ ᠳᠡᠮᠵᠢᠭᠰᠡᠨ ᠳᠤ ᠲᠠᠯᠠᠷᠬᠠᠵᠤ ᠪᠠᠶᠢᠨ᠎ᠠ᠃     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠭᠠᠵᠠᠷ    2024ᠣᠨ ᠤ9 ᠳ᠋ᠦ᠋ᠭᠡᠷ ᠰᠠᠷ᠎ᠠ ᠶᠢᠨ5 ᠤ ᠡᠳᠦᠷ 
ᠢᠷᠡᠯᠲᠡ᠄ ᠲᠢᠩᠬᠢᠮ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠭᠠᠵᠠᠷ
Baidu
map